ᠮᠠᠨ ᠤ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ  ᠪᠠᠭ᠎ᠠ ᠳᠤᠭᠤᠶᠢᠯᠠᠩ ᠤᠨ ᠲᠠᠪᠤᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ  ᠬᠤᠷᠠᠯᠳᠤᠭᠰᠠᠨ
ᠨᠡᠶᠢᠲᠡᠯᠡᠭᠰᠡᠨ ᠴᠠᠭ᠄
2021/11/2
   
    ᠤᠶᠢᠷ᠎ᠠ ᠳᠤ᠂ ᠮᠠᠨ ᠤ ᠬᠤᠰᠢᠭᠤ 2021 ᠣᠨ ᠤ ᠪᠠᠭᠠᠷᠢᠨ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ  ᠪᠠᠭ᠎ᠠ ᠳᠤᠭᠤᠶᠢᠯᠠᠩ ᠤᠨ  ᠲᠠᠪᠤᠳᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠣᠳᠣᠬᠢ ᠱᠠᠲᠤᠨ ᠤ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠴᠢᠨ ᠬᠤᠸᠠᠢ ᠳ᠋ᠦᠩ ᠬᠤᠷᠠᠯ ᠢ ᠡᠷᠭᠢᠯᠡᠪᠡ᠃     ᠷᠧᠨ ᠰᠢ ᠵᠢᠭᠠᠵᠤ ᠭᠠᠷᠭᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠤᠯᠠᠮ  ᠨᠢᠬᠡ ᠠᠯᠬᠤᠮ ᠳᠡᠭᠡᠭᠰᠢᠯᠡᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠰᠡᠷᠭᠡᠭ ᠢᠶᠠᠷ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠠ ᠪᠠᠴᠢᠮ ᠢ ᠠᠷᠭᠠᠴᠠᠬᠤ ᠪᠡᠯᠡᠳᠭᠡᠯ ᠪᠠᠶᠢᠳᠠᠯ ᠳᠤ ᠦᠳᠲᠡᠷ ᠲᠦᠷᠭᠡᠨ ᠣᠷᠣᠬᠤ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠶᠢᠨ ᠵᠡᠷᠭᠡ ᠪᠠᠷ ᠣᠨ ᠤ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠨᠢᠭᠡᠳᠦᠯᠲᠡᠶ ᠲᠥᠯᠥᠪᠵᠢᠭᠦᠯᠦᠨ ᠵᠤᠬᠢᠴᠠᠭᠤᠯᠬᠤ ᠪᠠᠨ ᠴᠢᠩᠭᠠᠳᠬᠠᠵᠤ᠂ ᠡᠯ᠎ᠡ ᠲᠦᠷᠦᠯ ᠤᠨ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠳᠠᠳ ᠪᠡᠶᠡᠳᠡᠨ ᠬᠠᠷᠢᠭᠤᠴᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠳᠠᠨ ᠠᠵᠢᠯ ᠢᠶᠠᠨ ᠬᠤᠪᠢᠶᠠᠷᠢᠯᠠᠨ ᠵᠠᠩᠭᠢᠯᠠᠭ᠎ᠠ ᠶᠢ ᠠᠳᠬᠤᠵᠤ᠂ ᠴᠠᠭ ᠢᠮᠠᠭᠲᠠ ᠲᠤᠰ ᠭᠠᠵᠠᠷ ᠣᠷᠣᠨ ᠤ ᠪᠠᠨ ᠰᠡᠷᠭᠡᠶᠢᠯᠡᠨ ᠡᠵᠡᠮᠳᠡᠬᠦ ᠠᠵᠢᠯ ᠤᠨ ᠪᠠᠴᠢᠮ ᠪᠠᠶᠢᠷᠢᠯᠠᠭᠤᠯᠤᠯᠲᠠ ᠪᠠ ᠪᠠᠴᠢᠮ ᠲᠠᠶᠢᠴᠢᠯᠠᠯᠳᠠ ᠳᠤ ᠰᠠᠶᠢᠲᠤᠷ ᠪᠡᠯᠡᠳᠬᠡᠯ ᠬᠢᠬᠦ ᠬᠡᠷᠡᠭᠲᠡᠢ ᠭᠡᠵᠦ ᠱᠠᠭᠠᠷᠳᠠᠪᠠ᠃    ᠷᠧᠨ ᠰᠢ᠂ ︽ᠦᠴᠦᠬᠡᠨ ᠴᠦ ᠨᠠᠶᠢᠷ ᠳᠠᠯᠪᠢᠬᠤ ᠦᠭᠡᠢ︾ ᠣᠪᠣᠷ ᠢᠶᠠᠷ᠂ ᠠᠵᠢᠯ ᠢᠶᠠᠨ ᠪᠣᠳᠠᠲᠠᠢ  ᠬᠢᠭᠰᠡᠨ ᠦᠭᠡᠢ᠂ ᠰᠡᠷᠭᠡᠶᠢᠯᠡᠨ ᠡᠵᠡᠮᠳᠡᠬᠦ ᠡᠷᠴᠢᠮ ᠨᠢ ᠰᠤᠯᠠᠷᠠᠭᠰᠠᠨ ᠠᠴᠠ ᠪᠤᠯᠵᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ᠂ ᠡᠷᠡᠰ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠠᠢ᠂ ᠡᠯ᠎ᠡ ᠭᠠᠵᠠᠷ ᠤᠷᠤᠨ ᠢ ᠵᠢᠯᠣᠭᠤᠳᠤᠨ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠪᠠᠷᠢᠯ ᠢ ᠠᠩᠬᠠᠷᠴᠤ᠂ ᠴᠢᠩᠭ᠎ᠠ ᠰᠡᠷᠭᠡᠶᠢᠯᠡᠨ ᠰᠠᠬᠢᠵᠤ᠂ ᠪᠦᠬᠦ ᠲᠠᠯ᠎ᠠ ᠪᠠᠷ ᠪᠠᠶᠢᠴᠠᠭᠠᠨ᠂ ᠨᠠᠮ ᠤᠨ ᠲᠥᠪ  ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠳᠠ ᠶᠢᠨ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠥᠬᠦ ᠬᠦᠴᠦᠨ ᠢᠶᠠᠷ ᠪᠣᠳᠠᠲᠠᠶᠢᠵᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ  ᠨᠠᠶᠢᠳᠠᠪᠤᠷᠢᠵᠢᠭᠤᠯᠤᠨ᠂ ᠲᠤᠳᠠᠭᠳᠠᠯ ᠪᠠ ᠪᠠᠭᠤᠷᠠᠶ ᠲᠠᠯ᠎ᠠ ᠪᠠᠨ ᠪᠥᠬᠦ  ᠬᠦᠴᠦᠨ ᠢᠶᠠᠷ ᠨᠥᠬᠦᠪᠥᠷᠢᠯᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠠᠨ ᠤ ᠬᠤᠰᠢᠭᠤᠨ ᠳᠤ ᠳᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃     ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠴᠢᠨ ᠬᠤᠸᠠᠢ ᠳ᠋ᠦᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠪᠣᠳᠠᠲᠠᠶ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠶᠢ ᠪᠥᠬᠦ ᠲᠠᠯ᠎ᠠ ᠪᠠᠷ ᠳᠠᠭᠠᠵᠤ᠂ ᠴᠢᠩᠭ᠎ᠠ ᠰᠡᠷᠭᠡᠶᠢᠯᠡᠨ᠂ ᠪᠦᠬᠦ ᠲᠠᠯ᠎ᠠ ᠪᠠᠷ  ᠪᠠᠶᠢᠴᠠᠭᠠᠵᠤ᠂ ᠲᠤᠤᠷᠵᠢᠯ ᠬᠠᠮᠢᠶᠠᠷᠤᠯᠲᠠ ᠶᠢᠨ ᠠᠵᠢᠯᠲᠠᠨ᠂ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ ᠶᠢᠨ  ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠭᠦᠨ  ᠬᠤᠰᠢᠭᠤᠨ ᠳᠤ ᠢᠷᠡᠬᠦ ᠬᠥᠮᠦᠰ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠳᠡᠵᠦ᠂ ᠪᠦᠬᠦᠨ ᠢ ᠬᠠᠮᠤᠷᠤᠭᠰᠠᠨ ᠬᠠᠮᠢᠶᠠᠷᠤᠯᠲᠠ ᠡᠵᠡᠮᠳᠡᠯ ᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠶᠢᠨ ᠮᠦᠷᠳᠡᠭᠡᠨ ᠣᠨᠣᠪᠴᠢᠲᠠᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠮᠠᠨ ᠤ ᠬᠤᠰᠢᠭᠤᠨ ᠤ  ᠡᠮᠨᠡᠨ ᠵᠠᠰᠠᠬᠤ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠳᠠᠬᠢ ᠡᠮᠴᠢᠯᠡᠭᠡᠨ ᠤ  ᠡᠮᠨᠡᠨ ᠵᠠᠰᠠᠬᠤ ᠪᠠᠷᠢᠮᠵᠢᠶ᠎ᠠ ᠶᠣᠰᠣᠭᠠᠷ᠂ ᠡᠮᠴᠢᠯᠡᠭᠡᠨ ᠤ ᠲᠥᠬᠦᠭᠡᠷᠦᠮᠵᠢ ᠶᠢ ᠪᠦᠷᠢᠨ ᠭᠦᠢᠴᠡᠳ ᠪᠡᠯᠡᠳᠬᠡᠵᠦ᠂ ᠡᠮᠨᠡᠯᠭᠡ ᠶᠢᠨ ᠠᠵᠢᠯᠲᠠᠨ ᠤ ᠬᠦᠴᠦᠨ ᠢ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯᠲᠡᠨ ᠬᠠᠮᠲᠤᠷᠠᠨ ᠣᠨᠣᠰᠢᠯᠠᠬᠤ ᠵᠡᠷᠭᠡ ᠣᠨᠣᠪᠴᠢᠲᠠᠶ ᠪᠠᠷ ᠡᠮᠨᠡᠨ ᠵᠠᠰᠠᠬᠤ ᠠᠷᠭ᠎ᠠ ᠬᠡᠮᠵᠢᠶ᠎ᠡ ᠶᠢ ᠪᠠᠷᠢᠮᠲᠠᠯᠠᠬᠤ ᠬᠡᠷᠡᠭᠲᠡᠶ᠃ ᠸᠠᠺᠼᠢᠨ ᠤ ᠲᠠᠷᠢᠯᠭ᠎ᠠ ᠶᠢᠨ ᠴᠢᠩᠭᠠᠳᠬᠠᠬᠤ ᠲᠠᠷᠢᠯᠭ᠎ᠠ ᠶᠢ ᠬᠢᠬᠦ ᠠᠵᠢᠯ ᠢ ᠢᠳᠡᠪᠬᠢᠳᠡᠢ ᠠᠬᠢᠭᠤᠯᠵᠤ᠂  ᠲᠠᠷᠢᠵᠤ ᠪᠤᠯᠬᠤ ᠪᠦᠬᠦᠨ ᠳᠤ ᠲᠠᠷᠢᠵᠤ᠂ ᠲᠠᠷᠢᠯᠭ᠎ᠠ ᠶᠢᠨ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃     ᠬᠤᠷᠠᠯ ᠠᠴᠠ ᠪᠠᠰᠠ ᠳᠡᠭᠡᠷ᠎ᠡ ᠭᠤᠷᠪᠠᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠠᠯ ᠤᠨ ᠵᠣᠷᠢᠭ ᠰᠠᠨᠠᠭ᠎ᠠ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠨ᠎ᠡ ᠬᠤᠰᠢᠭᠤᠨ ᠤ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠢ ᠡᠷᠴᠢᠮᠳᠡᠢ ᠬᠢᠭᠰᠡᠨ ᠦᠭᠡᠢ 3 ᠠᠰᠠᠭᠤᠳᠠᠯ ᠢ ᠴᠢᠩᠭ᠎ᠠ ᠰᠢᠢᠳᠪᠦᠷᠢᠯᠡᠬᠦ ᠲᠤᠬᠠᠢ ᠮᠡᠳᠡᠭᠳᠡᠯ︾ ᠢ ᠤᠯᠠᠮᠵᠢᠯᠠᠪᠠ︔ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃           ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ                                             ᠮᠤᠩᠭᠤᠯ ᠨᠠᠶᠢᠷᠠᠭᠤᠯᠬᠤ ᠬᠡᠯᠳᠡᠰ      
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号