ᠡᠬᠦᠯᠳᠡᠷ ᠶᠢᠨ ᠮᠠᠯ ᠠᠴᠠ ᠤᠷᠤᠯᠭ᠎ᠠ ᠡᠬᠦᠳᠦᠭᠰᠡᠨ ᠮᠠᠯᠴᠢᠨ ᠠᠶᠢᠯ
ᠨᠡᠶᠢᠲᠡᠯᠡᠭᠰᠡᠨ ᠴᠠᠭ᠄
2021/11/2
 
    ᠦᠨᠦ ᠵᠢᠯ ᠤᠨ ᠮᠠᠯ ᠤᠨ ᠦᠨ᠎ᠡ ᠬᠠᠩᠰᠢ ᠶᠢᠨ ᠪᠠᠭᠠᠬᠠᠨ ᠪᠠᠭᠤᠷᠠᠬᠰᠠᠨ ᠪᠣᠳᠠᠳᠣ ᠪᠠᠶᠢᠳᠠᠯ ᠳᠤ ᠤᠯᠠᠭᠠᠨᠳᠠᠪᠠᠭ᠎ᠠ ᠰᠤᠮᠤᠨ ᠤ ᠬᠠᠪᠴᠢᠯ ᠭᠠᠴᠠᠭᠠᠨ ᠤ ᠮᠠᠯᠴᠢᠨ ᠨᠠᠷᠠᠨᠮᠠᠨᠳᠣᠬᠤ ᠶᠢᠨ ᠬᠢᠨ ᠳᠡᠳᠦᠢ ᠶᠡᠭᠡ ᠨᠦᠯᠦᠬᠡᠯᠡᠭᠳᠡᠭᠰᠡᠨ ᠦᠭᠡᠢ ᠪᠠᠶᠢᠯ᠎ᠠ᠃ ᠳᠡᠬᠡᠪᠡᠯ ᠳᠣᠣᠷ᠎ᠠ ᠪᠢᠳᠡ ᠮᠠᠯᠴᠢᠨ ᠨᠠᠷᠠᠨᠮᠠᠨᠳᠣᠬᠤ ᠶᠢᠨ ᠬᠢᠨ ᠲᠠᠢ ᠳᠠᠨᠢᠯᠴᠠᠶ᠎ᠠ︕      ᠮᠠᠯᠴᠢᠨ ᠨᠠᠷᠠᠨᠮᠠᠨᠳᠣᠬᠤ ᠤᠨ ᠬᠢᠨ ᠬᠤᠷᠢᠭᠠᠳ ᠵᠢᠯ ᠤᠨ ᠡᠮᠦᠨ᠎ᠡ ᠠᠴᠠ ᠪᠣᠳᠠ ᠮᠠᠯ ᠳᠡᠵᠢᠬᠡᠵᠦ ᠡᠬᠢᠯᠡᠭᠰᠡᠨ ᠪᠠᠶᠢᠨ᠎ᠠ᠃ ᠲᠤᠬᠠᠢ ᠶᠢᠨ ᠦᠶ᠎ᠡ ᠳᠤ ᠨᠢᠬᠡᠯᠡ ᠲᠤᠯᠤᠭᠠᠢ ᠨᠣᠳᠤᠭ ᠮᠠᠯ ᠳᠡᠵᠢᠬᠡᠵᠦ ᠪᠠᠶᠢᠬᠰᠠᠨ ᠠᠴᠠ ᠪᠠᠨ ᠭᠠᠷ ᠬᠡᠬᠡᠯᠳᠦᠬᠦᠯᠬᠡ ᠬᠢᠵᠦ ᠡᠬᠢᠯᠡᠨ᠂  ᠬᠤᠷᠢᠭᠠᠳ ᠵᠢᠯ ᠤᠨ ᠲᠤᠷᠰᠢ ᠮᠠᠯ ᠤᠨ ᠡᠬᠦᠯᠳᠡᠷ ᠰᠠᠶᠢᠵᠢᠷᠠᠭᠤᠯᠤᠯᠳᠠ ᠶᠢ ᠢᠳᠡᠭ ᠢᠳᠡᠭ ᠢᠶᠠᠷ ᠪᠡᠶᠡᠯᠡᠬᠦᠯᠵᠦ᠂ ᠣᠳᠣ ᠪᠣᠯᠬᠤ ᠳᠤ ᠦᠪᠡᠷ ᠤᠨ ᠵᠢᠷᠠ ᠭᠠᠷᠤᠢ ᠪᠣᠳᠠ ᠮᠠᠯ ᠢᠶᠠᠨ ᠪᠦᠬᠦᠨ ᠢ ᠰᠠᠶᠢᠨ ᠡᠭᠦᠯᠳᠡᠷ ᠤᠨ ᠰᠢᠮᠧᠨ᠋ᠲᠷ ᠦᠬᠡᠷ ᠪᠤᠯᠭᠠᠵᠤ ᠴᠢᠳᠠᠬᠰᠠᠨ ᠪᠠ ᠵᠢᠯ ᠤᠨ ᠬᠤᠷᠢᠭᠠᠳ ᠲᠤᠭᠤᠯ ᠲᠤᠰᠴᠣ᠂ ᠴᠡᠪᠡᠷ ᠴᠡᠮᠴᠡᠬᠡᠷ ᠤᠷᠤᠨ ᠰᠠᠭᠤᠴᠠ ᠳᠤ ᠪᠠᠨ ᠲᠡᠨᠢᠭᠦᠨ ᠲᠠᠭᠠᠳᠠᠢ ᠠᠮᠢᠳᠤᠷᠠᠵᠤ ᠪᠠᠶᠢᠨ᠎ᠠ᠃ ᠦᠨᠦ ᠵᠢᠯ ᠤᠨ ᠮᠠᠯ ᠤᠨ ᠦᠨ᠎ᠡ ᠬᠠᠩᠰᠢ ᠲᠤᠭᠳᠠᠭᠤᠨ ᠪᠤᠰᠤ ᠪᠠᠶᠢᠳᠠᠯ ᠨᠢ ᠤᠯᠠᠩᠬᠢ ᠮᠠᠯᠴᠢᠨ ᠠᠶᠢᠯ ᠢ ᠨᠦᠯᠦᠬᠡᠯᠡᠭᠰᠡᠨ ᠪᠠᠶᠢᠬᠤ ᠳᠤ᠂ ᠳᠡᠳᠡᠨ ᠤ ᠬᠢᠨ ᠲᠤᠯᠤᠭᠠᠨ ᠲᠤᠭᠤᠯ ᠢᠶᠠᠨ ᠲᠡᠭᠰᠢᠳᠭᠡᠭᠡᠳ 18000 ᠲᠦᠭᠦᠷᠢᠭ ᠢᠶᠠᠷ ᠬᠤᠳᠠᠯᠳᠤᠵᠤ  ᠂ ᠤᠷᠤᠯᠭ᠎ᠠ   ᠶᠢᠨ ᠳᠠᠯ᠎ᠠ ᠳᠤ ᠳᠡᠳᠦᠢ ᠶᠡᠭᠡ ᠨᠦᠯᠦᠬᠡᠯᠡᠭᠳᠡᠭᠰᠡᠨ ᠦᠭᠡᠢ ᠪᠠᠶᠢᠯ᠎ᠠ᠃     ᠤᠯᠠᠭᠠᠨᠳᠠᠪᠠᠭ᠎ᠠ ᠰᠣᠮᠤ ᠨᠢ ᠦᠬᠡᠷ ᠤᠨ ᠠᠵᠤ ᠦᠢᠯᠡᠰ ᠢ ᠭᠤᠤᠯᠯᠠᠨ ᠠᠳᠬᠤᠵᠤ᠂ ᠮᠠᠯᠴᠢᠳ ᠤᠨ ᠦᠬᠡᠷ ᠳᠡᠵᠢᠬᠡᠵᠦ ᠪᠤᠷᠳᠤᠬᠤ ᠶᠢ ᠢᠳᠡᠪᠬᠢᠳᠡᠢ ᠳᠡᠮᠵᠢᠭᠰᠡᠬᠡᠷ ᠢᠷᠡᠵᠠᠢ᠃ ᠰᠤᠮᠤᠨ ᠤ ᠦᠬᠡᠷ ᠤᠨ ᠠᠵᠤ ᠦᠢᠯᠡᠰ ᠤᠨ ᠠᠯᠪᠠᠨ ᠬᠡᠷ ᠤᠨ ᠬᠠᠷᠢᠭᠤᠴᠠᠯᠭᠠᠳᠠᠳ ᠪᠠᠰᠠ ᠦᠷᠭᠦᠯᠵᠢ ᠦᠨᠳᠦᠰᠦᠨ ᠱᠠᠳᠣᠨ ᠳᠤ ᠬᠦᠨᠵᠡᠬᠡᠶᠢᠷᠡᠨ᠂ ᠮᠠᠯᠵᠢᠬᠤ ᠡᠷᠦᠬᠡ ᠪᠠᠷ ᠤᠷᠤᠵᠤ᠂ ᠦᠬᠡᠷ ᠪᠣᠷᠳᠣᠵᠣ ᠳᠠᠷᠭᠤᠯᠠᠭᠤᠯᠬᠤ ᠮᠡᠷᠬᠡᠵᠢᠯ ᠤᠨ ᠳᠠᠯ᠎ᠠ ᠶᠢᠨ ᠬᠦᠴᠢᠷᠳᠠᠯ ᠢ   ᠨᠢ ᠠᠰᠠᠭᠤᠨ ᠯᠠᠪᠯᠠᠵᠤ ᠵᠢᠯᠤᠭᠤᠳᠤᠯᠭ᠎ᠠ ᠬᠢᠳᠡᠭ ᠪᠠᠶᠢᠨ᠎ᠠ᠃ ᠤᠶᠢᠯᠠᠭᠠᠬᠰᠠᠨ ᠢᠶᠠᠷ᠂ ᠮᠠᠯ ᠢ ᠬᠠᠰᠢᠶᠠᠯᠠᠵᠤ ᠳᠡᠵᠢᠬᠡᠬᠦ ᠨᠢ ᠠᠰᠢᠭ ᠤᠷᠤᠯᠭ᠎ᠠ ᠦᠨᠳᠦᠷ᠂ ᠬᠦᠮᠦᠨ ᠤ ᠬᠦᠴᠦᠨ ᠳᠤ ᠠᠷᠪᠢᠳᠠᠢ᠂ ᠪᠡᠯᠴᠢᠬᠡᠷ ᠤᠨ ᠳᠠᠭᠠᠭᠠᠴᠠ ᠶᠢ ᠴᠦ ᠬᠦᠩᠬᠡᠯᠡᠵᠦ ᠴᠢᠳᠠᠳᠠᠭ ᠠᠴᠠ ᠣᠳᠣ ᠦᠶ᠎ᠡ ᠶᠢᠨ ᠮᠠᠯ ᠮᠠᠯᠵᠢᠬᠤ ᠴᠢᠬᠤᠯᠠ ᠠᠷᠭ᠎ᠠ ᠬᠡᠯᠪᠡᠷᠢ ᠪᠤᠯᠵᠠᠢ᠃ ᠤᠯᠠᠭᠠᠨᠳᠠᠪᠠᠭ᠎ᠠ ᠰᠣᠮᠣ ᠨᠢ ᠴᠤᠯᠤ ᠮᠠᠯᠵᠢᠬᠤ ᠰᠤᠮᠤ ᠪᠠᠶᠢᠵᠤ᠂ ᠮᠦᠨ ᠯᠡ ᠤᠯᠠᠮᠵᠢᠯᠠᠯᠳᠤ ᠮᠠᠯᠵᠢᠬᠤ ᠬᠡᠯᠪᠡᠷᠢ ᠢᠶᠠᠨ ᠬᠠᠳᠠᠭᠠᠯᠠᠬᠰᠠᠭᠠᠷ ᠪᠠᠶᠢᠭ᠎ᠠ ᠡᠨᠡᠬᠦ ᠪᠤᠳᠠᠳᠤ ᠪᠠᠶᠢᠳᠠᠯ ᠳᠤ  ᠴᠢᠭᠯᠡᠭᠦᠯᠦᠨ᠂ ᠰᠣᠮᠣᠨ  ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠳᠡᠵᠢᠬᠡᠨ ᠦᠷᠡᠵᠢᠬᠦᠯᠬᠦ ᠮᠡᠷᠬᠡᠵᠢᠯ ᠤᠨ ᠪᠣᠯᠪᠠᠰᠣᠷᠠᠯ ᠤᠨ ᠠᠩᠬᠢ ᠵᠤᠬᠢᠶᠠᠨ ᠪᠠᠶᠢᠭᠤᠯᠬᠤ ᠪᠠ ᠳᠡᠷᠢᠬᠦᠨ ᠤ ᠮᠡᠷᠬᠡᠵᠢᠯ ᠲᠠᠢ ᠬᠤᠷᠰᠢᠶᠠᠵᠢᠯ ᠤᠳ ᠢᠶᠠᠷ ᠲᠤᠭᠤᠷᠢᠨ ᠰᠤᠷᠤᠯᠴᠭᠤᠯᠬᠤ ᠵᠡᠷᠬᠡ ᠠᠷᠭ᠎ᠠ ᠬᠡᠯᠪᠡᠷᠢ ᠪᠠᠷ ᠮᠠᠯᠴᠢᠳ ᠤᠨ ᠳᠡᠷᠢᠵᠦ ᠳᠡᠵᠢᠬᠡᠬᠦ ᠮᠡᠷᠬᠡᠵᠢᠯ ᠤᠨ ᠳᠠᠯ᠎ᠠ ᠳᠤ ᠤᠨᠤᠯ ᠤᠨ ᠵᠢᠯᠤᠭᠤᠳᠤᠯᠭ᠎ᠠ ᠬᠠᠩᠭᠠᠨ᠂ ᠮᠠᠯᠴᠢᠳ ᠤᠨ ᠬᠠᠰᠢᠶᠠᠯᠠᠵᠤ ᠳᠡᠵᠢᠬᠡᠬᠦ ᠲᠤᠬᠠᠢ ᠮᠡᠳᠡᠯᠬᠡ ᠮᠡᠳᠡᠴᠡ ᠶᠢ ᠨᠢ ᠨᠡᠩ ᠦᠷᠬᠡᠨ ᠬᠡᠪᠴᠢᠶᠡᠨ ᠳᠤ ᠳᠡᠯᠡᠵᠦ ᠪᠠᠶᠢᠬᠤ ᠪᠦᠬᠡᠳ ᠪᠠᠰᠠ ᠳᠠᠷᠢᠶᠠᠯᠠᠩ ᠤᠨ ᠢᠳᠡᠬᠡᠮᠵᠢᠳᠦ ᠵᠢᠬᠡᠯᠡᠯᠬᠡ ᠶᠢᠨ ᠳᠡᠮᠵᠢᠯᠬᠡ᠂ ᠦᠨ᠎ᠡ ᠲᠦᠯᠦᠪᠦᠷᠢ ᠦᠭᠡᠢ ᠬᠦᠯᠳᠡᠬᠦᠦ ᠦᠷ᠎ᠡ ᠬᠠᠩᠭᠠᠬᠤ ᠵᠡᠷᠬᠡ ᠶᠢᠨ ᠲᠦᠷᠦ ᠶᠢᠨ ᠪᠣᠳᠣᠯᠭ᠎ᠠ ᠶᠢᠨ ᠳᠡᠮᠵᠢᠯᠬᠡ ᠦᠵᠡᠬᠦᠯᠵᠦ᠂ ᠮᠠᠯᠴᠢᠳ ᠤᠨ ᠤᠷᠤᠯᠭ᠎ᠠ ᠶᠢᠨ ᠨᠡᠮᠡᠭᠳᠠᠯ ᠢ ᠠᠬᠢᠭᠤᠯᠵᠤ ᠪᠤᠢ᠃     ᠡᠬᠦᠯᠳᠡᠷ ᠤᠨ ᠮᠠᠯ ᠠᠴᠠ ᠠᠰᠢᠭ ᠬᠦᠷᠳᠡᠭᠰᠡᠨ ᠮᠠᠯᠴᠢᠨ ᠤᠯᠠᠭᠠᠨᠳᠠᠪᠠᠭ᠎ᠠ ᠨᠤᠳᠤᠭ ᠲᠤ ᠮᠠᠰᠢ ᠣᠯᠠᠨ ᠪᠠᠶᠢᠵᠤ᠂ ᠳᠡᠳᠡᠨᠠᠷ ᠴᠠᠭ ᠦᠶ᠎ᠡ ᠶᠢᠨ ᠠᠯᠬᠤᠭ᠎ᠠ ᠲᠠᠢ ᠵᠡᠷᠬᠡᠪᠡᠷ ᠤᠷᠤᠬᠰᠢᠯᠠᠨ᠂ ᠦᠪᠡᠷ ᠤᠨ ᠰᠢᠷᠭᠠᠭᠤ ᠬᠦᠳᠡᠯᠮᠦᠷᠢ᠂ ᠤᠶᠤᠨ ᠤᠬᠠᠭᠠᠨ ᠢᠶᠠᠷ ᠢᠶᠠᠨ ᠠᠮᠢᠳᠣᠷᠠᠯ ᠢᠶᠠᠨ ᠴᠤᠬᠴᠠᠯᠠᠨ᠂ ᠦᠬᠡᠳᠡᠯᠡᠨ ᠴᠢᠨᠡᠬᠡᠯᠡᠭᠵᠢᠵᠦ ᠶᠠᠪᠤᠨ᠎ᠠ᠃                      ᠰᠤᠳᠤ ᠮᠡᠳᠡᠭᠡᠯᠡᠵᠡᠢ᠃    
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号