ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2021/11/25
     ᠤᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ  ᠲᠤᠮᠳᠠᠳᠤ ᠤᠯᠣᠰ ᠤᠨ ᠡᠪ  ᠬᠠᠮᠳᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ  ᠬᠤᠷᠠᠯ ᠢ ᠡᠷᠬᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠶ ᠱᠦᠵᠢ ᠶᠢᠨ ᠪᠦᠭᠦ ᠤᠯᠤᠰ ᠤᠨ ᠶᠠᠳᠠᠭᠤ ᠠᠴᠠ  ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠤᠨ ᠰᠠᠶᠢᠰᠢᠶᠠᠨ ᠬᠥᠬᠢᠭᠦᠯᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠠᠶ᠃ ᠤᠯᠠᠭᠠᠨᠬᠠᠳᠠ ᠬᠤᠲᠠ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ᠂ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠤᠰᠬᠠᠶ  ᠲᠦᠷᠦᠯ ᠤᠨ ᠱᠠᠭᠠᠷᠳᠠᠨ ᠪᠠᠶᠢᠴᠠᠭᠠᠯᠲᠠ ᠶᠢᠨ ᠪᠡᠯᠡᠳᠬᠡᠯ ᠪᠠᠶᠢᠳᠠᠯ  ᠪᠠ ᠪᠥᠬᠦ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠪᠠᠶᠢᠨ᠎ᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠪᠦᠬᠦ ᠤᠯᠤᠰ ᠤᠨ ᠶᠠᠳᠠᠭᠤ ᠠᠴᠠ  ᠠᠩᠭᠢᠵᠢᠷᠠᠭᠤᠯᠤᠨ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠠᠴᠠ  ᠠᠩᠭᠢᠵᠢᠷᠠᠭᠤᠯᠤᠨ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠡᠯ᠎ᠡ ᠵᠦᠢᠯ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠢᠮᠠᠭᠲᠠ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠠᠬᠢᠭᠤᠯᠵᠤ᠂ ᠬᠡᠪᠴᠢᠶᠡᠵᠢᠭᠰᠡᠨ ᠴᠢᠨᠠᠷᠲᠠᠢ  ᠲᠠᠬᠢᠨ ᠶᠠᠳᠠᠭᠤᠷᠠᠯ ᠡᠭᠦᠰᠬᠦ ᠦᠭᠡᠢ ᠪᠠᠶᠢᠬᠤ ᠵᠠᠭᠠᠭ ᠱᠤᠭᠤᠮ ᠢ ᠡᠷᠡᠰ ᠪᠠᠳᠤᠯᠠᠬᠤ ᠬᠡᠷᠡᠭᠳᠡᠢ ᠭᠡᠵᠡᠢ᠃     ᠬᠤᠷᠠᠯ ᠠᠴᠠ ᠵᠢᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠢᠨᠠᠭᠰᠢᠳᠠ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠵᠡᠭᠦᠨ ᠬᠤᠰᠢᠭᠤᠨ ᠤ ᠣᠨᠴᠠᠯᠢᠭ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ ᠬᠡᠷᠡᠭᠲᠡᠢ︔ ᠲᠦᠷᠦᠯ ᠵᠦᠢᠯ ᠢ ᠬᠡᠷᠡᠭᠵᠢᠭᠦᠯᠬᠦ ᠪᠠ ᠪᠡᠯᠡ ᠮᠥᠩᠭᠦ ᠰᠠᠯᠭᠠᠨ ᠥᠭᠬᠦ᠂ ᠶᠠᠳᠠᠭᠤᠷᠠᠯ ᠪᠠ ᠲᠠᠬᠢᠨ ᠶᠠᠳᠠᠭᠤᠷᠠᠯ ᠬᠦᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ᠂ ᠶᠠᠳᠠᠭᠤ ᠠᠴᠠ ᠠᠩᠭᠢᠵᠢᠷᠠᠭᠤᠯᠬᠤ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠲᠠᠯᠪᠢᠬᠤ ᠵᠡᠷᠭᠡ ᠭᠤᠣᠯᠳᠠᠯᠭ᠎ᠠ ᠲᠠᠢ  ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠦᠯᠴᠡᠬᠦ ᠦᠭᠡᠢ ᠲᠠᠯ᠎ᠠ ᠶᠢ ᠪᠠᠶᠢᠴᠠᠭᠠᠨ ᠲᠤᠳᠠᠭᠤ ᠶᠢ ᠨᠢ ᠨᠥᠬᠦᠪᠥᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠡᠮᠬᠢ ᠳᠢᠭᠯᠢᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ᠂ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠲᠦᠷᠦᠯ ᠵᠦᠢᠯ ᠤᠨ ᠬᠥᠮᠥᠷᠭᠡ ᠶᠢ ᠵᠡᠷᠭᠡᠪᠡᠷ ᠲᠥᠯᠥᠪᠵᠢᠭᠦᠯᠦᠨ ᠲᠣᠭᠲᠠᠭᠠᠵᠤ᠂ ᠠᠳᠠᠯᠢ ᠪᠤᠰᠤ ᠲᠦᠷᠦᠯ ᠤᠨ ᠭᠠᠴᠠᠭ᠎ᠠ ᠲᠣᠰᠬᠤᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠵᠢᠱᠢᠶ᠎ᠡ ᠦᠵᠡᠭᠦᠯᠬᠦ ᠲᠤᠷᠰᠢᠯᠭ᠎ᠠ ᠬᠠᠩᠭᠠᠬᠤ ᠬᠡᠷᠡᠭᠲᠡᠢ︔ ᠲᠥᠪᠯᠡᠷᠡᠭᠦᠯᠦᠨ ᠡᠷᠴᠢᠮᠵᠢᠭᠦᠯᠦᠭᠰᠡᠨ ᠬᠥᠭᠵᠢᠯᠲᠡ ᠶᠢᠨ ᠰᠡᠳᠬᠢᠴᠡ ᠶᠣᠰᠣᠭᠠᠷ᠂ ᠨᠢᠭᠡ ᠪᠦᠯᠦᠭ ᠬᠦᠳᠦᠯᠦᠨ ᠳᠠᠭᠠᠭᠤᠯᠬᠤ ᠴᠢᠨᠠᠷ᠂ ᠳᠠᠶᠢᠴᠢᠯᠠᠬᠤ ᠴᠢᠨᠠᠷ᠂ ᠲᠤᠯᠭᠠᠭᠤᠷᠢᠯᠠᠬᠤ ᠴᠢᠨᠠᠷ ᠢᠶᠠᠷ ᠴᠢᠩᠭ᠎ᠠ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠬᠡᠪᠴᠢᠶᠡᠵᠢᠭᠰᠡᠨ᠂ ᠵᠣᠬᠢᠶᠠᠨ ᠪᠠᠶᠢᠭᠤᠯᠤᠯᠴᠠᠭᠰᠠᠨ᠂ ᠲᠦᠷᠦᠯ ᠳᠡᠮᠳᠡᠭᠵᠢᠭᠰᠡᠨ᠂ ᠲᠣᠭᠠᠴᠢᠯᠠᠭᠰᠠᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠩ ᠨᠢᠭᠲᠠ᠂ ᠨᠡᠩ ᠪᠦᠲᠦᠮᠵᠢᠲᠡᠢ ᠠᠰᠢᠭ ᠲᠤᠰᠠ ᠶᠢᠨ ᠬᠤᠯᠪᠣᠭᠠᠨ ᠤ ᠵᠤᠬᠢᠴᠠᠮᠵᠢ  ᠪᠠᠷ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ︔ ᠲᠠᠷᠢᠶᠠᠯᠠᠩ ᠤᠨ ᠤᠰᠤ ᠠᠷᠪᠢᠯᠠᠬᠤ ᠂  ᠵᠤᠷᠯᠤᠩ ᠢ ᠦᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ ᠵᠠᠰᠠᠬᠤ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠢ ᠵᠠᠰᠠᠬᠤ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠪᠣᠳᠠᠲᠠᠢ ᠪᠠᠷ ᠠᠳᠬᠤᠵᠤ᠂  ᠭᠤᠤᠯ ᠤᠨ ᠳᠠᠷᠤᠭ᠎ᠠ ᠶᠢᠨ ᠲᠦᠷᠢᠮ᠂ ᠤᠢ ᠰᠢᠭᠤᠢ ᠶᠢᠨ ᠳᠠᠷᠤᠭ᠎ᠠ ᠶᠢᠨ ᠲᠦᠷᠢᠮ᠂ ᠪᠡᠯᠴᠢᠭᠡᠷᠯᠡᠭᠦᠯᠬᠦ ᠶᠢ ᠬᠤᠷᠢᠭᠯᠠᠨ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠤᠢ ᠰᠢᠭᠤᠢ ᠡᠪᠡᠰᠦ ᠪᠡᠯᠴᠢᠭᠡᠷ᠂ ᠭᠤᠣᠯ ᠮᠥᠷᠡᠨ ᠨᠠᠭᠤᠷ ᠴᠥᠭᠦᠷᠥᠮ ᠤᠨ ᠤᠶᠤᠨᠴᠢ ᠬᠢᠨᠠᠯᠲᠠ ᠬᠠᠮᠢᠶᠠᠷᠤᠯᠲᠠ ᠶᠢᠨ ᠲᠣᠣᠷ ᠢ ᠲᠦᠷᠭᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠯ ᠤᠨ ᠤᠷᠴᠢᠨ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ︔ ᠴᠢᠳᠠᠪᠤᠷᠢᠲᠠᠨ ᠣᠷᠣᠭᠤᠯᠤᠨ ᠬᠥᠮᠦᠵᠢᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠣᠰᠬᠤᠨ ᠳᠤ ᠰᠠᠭᠤᠭ᠎ᠠ ᠡᠩᠨᠡᠭᠡᠨ ᠤ  ᠪᠤᠯᠪᠠᠰᠤᠷᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠡᠷᠡᠭᠯᠡᠭᠡᠨ ᠤ ᠮᠡᠷᠭᠡᠵᠢᠯ ᠢ ᠲᠦᠭᠡᠮᠡᠯᠵᠢᠭᠦᠯᠵᠦ᠂ ︽ᠵᠠᠰᠠᠭ ᠪᠠᠩᠬᠢ ᠠᠵᠤ ᠠᠬᠤᠶᠢᠯᠠᠯ ᠲᠠᠷᠢᠶᠠᠯᠠᠩ︾ ᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠬᠡᠪ ᠵᠠᠩᠰᠢᠯ ᠢ ᠥᠭᠡᠷᠡᠴᠢᠯᠡᠬᠦ ᠠᠵᠢᠯᠯᠠᠭ᠎ᠠ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠳᠤ ᠪᠥᠬᠦ ᠲᠠᠯ᠎ᠠ ᠶᠢᠨ ᠪᠠᠲᠤᠯᠠᠭ᠎ᠠ ᠬᠠᠩᠭᠠᠵᠤ᠂ ᠮᠠᠨ ᠤ ᠬᠤᠰᠢᠭᠤᠨ ᠤ ︽ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠡᠢ᠃       ᠬᠤᠷᠠᠯ ᠠᠴᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠤᠳᠠᠳᠠᠶᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠥᠩᠭᠡᠷᠡᠭᠰᠡᠨ ᠲᠠᠢ ᠪᠠᠨ ᠠᠳᠠᠯᠢ ᠪᠠᠷ ᠰᠤᠷᠤᠯᠴᠠᠯᠭ᠎ᠠ ᠪᠠᠨ ᠪᠠᠲᠤᠯᠠᠵᠤ᠂ ᠦᠵᠡᠯ ᠰᠠᠨᠠᠭᠠᠨ ᠤ ᠠᠤᠭ᠎ᠠ ᠬᠦᠴᠦᠨ ᠢ ᠤᠯᠠᠮ ᠴᠢᠨᠠᠭᠰᠢᠳᠠ ᠮᠡᠳᠡᠷᠡᠬᠦ ᠬᠡᠷᠡᠭᠲᠡᠢ᠃ ᠤᠯᠠᠨ ᠲᠦᠮᠡᠨ ᠤ ︽ᠪᠠᠴᠢᠮᠳᠠᠬᠤ᠂ ᠬᠦᠴᠢᠷᠳᠡᠬᠦ᠂ ᠵᠣᠪᠠᠭ᠋ᠤ᠂ ᠬᠦᠰᠡᠬᠦ︾ ᠠᠰᠠᠭᠤᠳᠠᠯ ᠢ ᠰᠢᠢᠳᠪᠦᠷᠢᠯᠡᠬᠦ ᠶᠢ  ᠬᠦᠴᠦ ᠲᠠᠯᠪᠢᠨ ᠠᠬᠢᠭᠤᠯᠵᠤ᠂ ᠰᠢᠨ᠎ᠡ ᠪᠠᠶᠢᠳᠠᠯ ᠢ ᠪᠤᠢ ᠪᠣᠯᠭᠠᠵᠤ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠤᠳᠠᠳᠠᠢ ᠳᠤ ᠨᠠᠶᠢᠳᠠᠪᠤᠷᠢᠵᠢᠭᠤᠯᠤᠨ  ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃                 ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ                                           ᠮᠣᠩᠭᠤᠯ ᠨᠠᠶᠢᠷᠠᠭᠤᠯᠬᠤ ᠬᠡᠯᠳᠡᠰ
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠮᠣᠩᠭᠤᠯ ᠨᠠᠶᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号