ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠤᠯᠠᠮ | ᠨᠢᠭᠡ ᠠᠯᠬᠤᠮ ᠰᠠᠶᠢᠵᠢᠷᠠᠭᠤᠯᠬᠤ ᠶᠢᠨ ᠲᠥᠯᠥᠭᠡ᠂ ︽ᠪᠢ ᠣᠯᠠᠨ ᠲᠦᠮᠡᠨ ᠳᠤ ᠪᠤᠳᠠᠳᠤ ᠶᠠᠪᠤᠳᠠᠯ ᠬᠢᠵᠦ ᠥᠭᠬᠦ︾ | ᠦᠢᠯᠡᠳᠦᠯᠭᠡ ᠶᠢᠨ ᠠᠵᠢᠯᠯᠠᠭᠠᠨ ᠲᠠᠢ ᠤᠶᠠᠯᠳᠤᠭᠤᠯᠤᠨ᠂ ᠤᠶᠢᠷ᠎ᠠ ᠳᠤ᠂ ᠵᠡᠭᠦᠨ ᠬᠤᠳᠠ ᠵᠡᠭᠡᠯᠢ ᠨᠢ ︽ᠣᠯᠠᠨ | ᠲᠦᠮᠡᠨ ᠳᠤ ᠪᠤᠳᠠᠳᠤ ᠶᠠᠪᠤᠳᠠᠯ ᠬᠢᠵᠦ᠂ ᠪᠤᠯᠪᠠᠰᠤᠨ ᠬᠤᠳᠠ ᠶᠢ ᠬᠠᠮᠲᠤ ᠪᠠᠷ ᠪᠠᠶᠢᠭᠤᠯᠬᠤ — ᠬᠤᠭ ᠤᠨ ᠰᠠᠪᠠ᠂ | ᠬᠤᠭ ᠲᠡᠭᠡᠭᠡᠬᠦ ᠲᠡᠷᠭᠡ ᠲᠦᠭᠡᠭᠡᠨ ᠦᠭᠬᠦ ᠶᠣᠰᠣᠯᠠᠯ︾ ᠶᠠᠪᠤᠭᠤᠯᠵᠤ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠢᠶᠠᠨ ᠽᠠᠢ ᠯᠢ᠂ | ᠵᠡᠭᠦᠨ ᠬᠤᠳᠠ ᠵᠡᠭᠡᠯᠢ ᠶᠢᠨ ᠤᠳᠤᠷᠢᠳᠬᠤ ᠪᠠᠭ ᠤᠨ ᠭᠡᠰᠢᠭᠦᠳ᠂ ᠡᠯ᠎ᠡ ᠨᠡᠶᠢᠭᠡᠮ ᠲᠣᠭᠤᠷᠢᠭ ᠤᠨ ᠱᠦᠵᠢ᠂ | ᠤᠷᠤᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠠᠵᠢᠯᠯᠠᠭᠠᠨ ᠳᠤ ᠣᠷᠣᠯᠴᠠᠵᠠᠶ᠃ | ᠶᠣᠰᠣᠯᠠᠯ ᠳᠡᠭᠡᠷ᠎ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠲᠢᠶᠠᠨ ᠼᠠᠢ ᠯᠢ᠂ ᠵᠡᠭᠦᠨ ᠬᠤᠳᠠ ᠵᠡᠭᠡᠯᠢ ᠶᠢᠨ ᠤᠳᠤᠷᠢᠳᠬᠤ ᠪᠠᠭ ᠤᠨ ᠭᠡᠰᠢᠭᠦᠳ | ᠡᠯ᠎ᠡ ᠪᠠᠭ᠎ᠠ ᠲᠣᠭᠤᠷᠢᠭ ᠲᠤ ᠲᠦᠬᠦᠭᠡᠷᠦᠮᠵᠢ ᠶᠢ ᠬᠦᠯᠢᠶᠡᠨ ᠠᠪᠬᠤ ᠫᠠᠶᠢᠰᠠ ᠶᠢ ᠲᠠᠷᠬᠠᠭᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠠᠷᠠᠳ ᠤᠨ ᠲᠥᠯᠥᠭᠡᠯᠡᠭᠴᠢᠳ ᠪᠤᠳᠠᠳᠤ ᠭᠠᠵᠠᠷ ᠲᠤ ᠪᠠᠶᠢᠴᠠᠭᠠᠯᠳᠠ ᠬᠢᠬᠦ ᠪᠠᠷ ᠲᠠᠮᠵᠢᠨ | ︽ᠣᠯᠠᠨ ᠲᠦᠮᠡᠨ ᠳᠤ ᠪᠤᠳᠠᠳᠤ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠳᠤ ᠲᠦᠰᠢᠭᠯᠡᠨ᠂ | ᠬᠠᠷᠢᠶ᠎ᠠ ᠣᠷᠣᠨ ᠤ ᠪᠠᠨ ᠠᠳᠠᠯ ᠠᠬᠤᠶ ᠶᠢᠨ ᠬᠠᠮᠢᠶᠠᠷᠤᠯᠲᠠ ᠥᠬᠡᠶ ᠬᠠᠭᠤᠴᠢᠨ ᠵᠢᠵᠢᠭ ᠲᠣᠭᠤᠷᠢᠭ ᠨᠡᠯᠢᠶᠡᠳ ᠣᠯᠠᠨ | ᠂ ᠢᠵᠢ ᠪᠥᠷᠢᠳᠦᠭᠰᠡᠨ ᠪᠡᠯᠡᠳᠭᠡᠯ ᠲᠥᠬᠦᠭᠡᠷᠦᠮᠵᠢ ᠬᠠᠭᠤᠴᠢᠷᠠᠭᠰᠠᠨ ᠵᠡᠷᠭᠡ ᠪᠤᠳᠠᠳᠤ ᠠᠰᠠᠭᠤᠳᠠᠯ ᠳᠤ ᠴᠢᠭᠯᠡᠭᠦᠯᠦᠨ᠂ | 15 ᠲᠦᠮᠡᠨ ᠲᠥᠭᠦᠷᠢᠭ ᠤᠨ ᠪᠠᠯᠠ ᠤᠷᠤᠭᠤᠯᠵᠤ᠂ ᠬᠠᠷᠢᠶᠠᠨ ᠳᠠᠬᠢ 74 ᠬᠠᠭᠤᠴᠢᠨ ᠪᠠᠭ᠎ᠠ ᠲᠣᠭᠤᠷᠢᠭ ᠲᠤ ᠬᠤᠭ | ᠨᠣᠪᠰᠢ ᠶᠢᠨ ᠬᠠᠶᠢᠷᠴᠠᠭ 88᠂ ᠬᠤᠭ ᠲᠡᠭᠡᠭᠡᠬᠦ ᠲᠡᠷᠭᠡ 43 ᠶᠢ ᠬᠤᠳᠠᠯᠳᠤᠨ ᠤᠷᠤᠭᠤᠯᠵᠤ ᠬᠦᠷᠭᠡᠨ᠂ | ᠠᠷᠠᠳ ᠤᠨ ᠠᠮᠢᠳᠤᠷᠠᠯ ᠤᠨ ᠲᠥᠷᠥᠯ ᠵᠦᠢᠯ ᠳᠤ ᠬᠡᠷᠡᠭᠯᠡᠵᠦ᠂ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ | ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ ᠪᠤᠢ᠃ | | ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ | ᠮᠤᠩᠭᠤᠯ ᠨᠠᠶᠢᠷᠠᠭᠤᠯᠬᠤ ᠬᠡᠯᠳᠡᠰ |