ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠠᠩ ᠣᠪᠣᠭᠲᠤ  ᠲᠠᠢ ᠨᠢᠭᠲᠠ ᠬᠠᠷᠢᠯᠴᠠᠭᠴᠢ ᠶᠤᠸᠠᠨ ᠣᠪᠣᠭᠲᠤ ᠶᠢᠨᠠᠶᠠᠯᠠᠯ ᠤᠨ ᠵᠠᠮ  ᠱᠤᠭᠤᠮ ᠤᠨ ᠳᠣᠬᠠᠢ ᠲᠠᠢ ᠠᠯᠪᠠᠨ
ᠨᠡᠶᠢᠲᠡᠯᠡᠭᠰᠡᠨ ᠴᠠᠭ᠄
2021/12/1
     2021 ᠣᠨ ᠤ 11 ᠰᠠᠷ᠎ᠠ ᠶᠢᠨ 29 ᠤ ᠡᠳᠦᠷ  ᠤᠨ ᠣᠶᠢᠯᠠᠭᠠᠭᠰᠠᠨ ᠢᠶᠠᠷ᠂ ᠶᠤᠸᠠᠨ ᠣᠪᠣᠭᠲᠤ 11 ᠰᠠᠷ᠎ᠠ ᠶᠢᠨ 24 ᠤ ᠡᠳᠦᠷ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠠᠩ ᠣᠪᠣᠭᠲᠤ ᠲᠠᠢ ᠬᠠᠮᠲᠤ K 996 ᠤᠳᠠᠭ᠎ᠠ ᠶᠢᠨ ᠭᠠᠯᠲᠤ ᠲᠡᠷᠭᠡᠨ ᠳᠤ ᠰᠠᠭᠤᠵᠤ᠂ ᠨᠢᠭᠲᠠ ᠣᠶᠢᠷᠠᠲᠤᠭᠴᠢ ᠪᠠᠷ ᠲᠣᠭᠳᠠᠭᠠᠭᠳᠠᠵᠤ᠂ ᠣᠲᠣ ᠨᠢᠭᠡᠨᠲᠡ ᠲᠥᠪᠯᠡᠷᠡᠭᠦᠯᠦᠨ ᠲᠤᠰᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ᠣᠳᠣ ᠶᠤᠸᠠᠨ ᠣᠪᠣᠭᠲᠤ ᠶᠢᠨ ᠪᠠᠭᠠᠷᠢᠨ ᠵᠡᠭᠦᠨ ᠬᠤᠰᠢᠭᠤᠨ ᠳᠠᠬᠢ ᠠᠶᠠᠯᠠᠯ ᠤᠨ ᠵᠠᠮ ᠮᠥᠷ ᠢ ᠳᠣᠣᠷᠠᠬᠢ ᠮᠡᠲᠦ ᠵᠠᠷᠯᠠᠶ᠎ᠠ᠄       11 ᠰᠠᠷ᠎ᠠ ᠶᠢᠨ 27 ᠤ ᠡᠳᠦᠷ ᠤᠨ 22᠄ 31 ᠴᠠᠭ ᠲᠤ᠂ ᠶᠤᠸᠠᠨ ᠣᠪᠣᠭᠲᠤ ᠲᠦᠩᠯᠢᠶᠣᠤ ᠥᠷᠲᠡᠭᠡ ᠠᠴᠠ ᠮᠣᠷᠳᠠᠵᠤ K 996 ᠳ᠋ᠤᠭᠠᠷ ᠭᠠᠯᠲᠤ ᠲᠡᠷᠭᠡᠨ ᠳᠤ ᠰᠠᠭᠤᠪᠠ᠃ ︵2 ᠳ᠋ᠤᠭᠠᠷ ᠸᠠᠭᠤᠨ 37 ᠳ᠋ᠤᠭᠠᠷ ᠨᠣᠮᠧᠷ︶᠂ 11  ᠰᠠᠷ᠎ᠠ ᠶᠢᠨ 28 ᠤ ᠡᠳᠦᠷ ᠤᠨ ᠥᠷᠯᠥᠭᠡ ᠶᠢᠨ 02᠄ 12 ᠴᠠᠭ ᠲᠤ ᠯᠢᠨᠳᠦ᠋ᠩ ᠤᠨ ᠭᠠᠯᠲᠤ ᠲᠡᠷᠭᠡᠨ ᠥᠷᠲᠡᠭᠡᠨ ᠳᠤ ᠬᠦᠷᠦᠪᠡ︔ ᠲᠡᠷᠭᠡᠨ ᠠᠴᠠ ᠪᠠᠭᠤᠭᠰᠠᠨ ᠤ ᠳᠠᠷᠠᠭ᠎ᠠ ᠲᠦᠷᠢᠶᠡᠰᠦᠨ ᠮᠠᠰᠢᠨ ᠲᠡᠷᠭᠡᠨ ᠳᠤ ᠰᠠᠭᠤᠵᠤ ︵ᠲᠡᠷᠭᠡᠨ ᠨᠣᠮᠧᠷ ᠨᠢ ᠮᠧᠩ D S 5203︶  ᠯᠢᠨᠳᠦ᠋ᠩ ᠤᠨ ᠯᠢᠶᠠᠨ ᠱᠢ ᠪᠠᠭᠤᠳᠠᠯ ᠳᠤ ᠬᠦᠷᠴᠦ᠂ ᠥᠷᠯᠥᠭᠡᠨ ᠤ 02᠄ 35 ᠳᠤ ᠬᠤᠨᠣᠭᠯᠠᠪᠠ︔ 11 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ 10᠄ 46 ᠳᠤ ᠲᠦᠷᠢᠶᠡᠰᠦᠨ ᠮᠠᠰᠢᠨ ᠲᠡᠷᠭᠡᠨ ᠳᠤ ᠰᠠᠭᠤᠵᠤ ︵ᠲᠡᠷᠭᠡᠨ ᠨᠣᠮᠧᠷ ᠨᠢ ᠮᠧᠩ D S 5670︶ ᠽᠦᠶ ᠬᠥ᠋ ᠠᠪᠠᠭ᠎ᠠ ᠶᠢᠨ ᠬᠠᠯᠠᠭᠤᠨ ᠲᠣᠭᠤᠭ᠎ᠠ   ᠲᠤ ᠵᠧᠤ ᠣᠪᠣᠭᠲᠤ ᠲᠠᠢ ᠬᠤᠭᠤᠯᠠ ᠢᠳᠡᠵᠦ᠂ 11 ᠰᠠᠷ᠎ᠠ ᠶᠢᠨ 28 ᠤ ᠡᠳᠦᠷ ᠤᠨ ᠦᠳᠡ ᠶᠢᠨ 12᠄ 22 ᠲᠤ ᠲᠦᠷᠢᠶᠡᠰᠦᠨ ᠮᠠᠰᠢᠨ ᠲᠡᠷᠭᠡᠨ ᠳᠤ ᠰᠠᠭᠤᠵᠤ ︵ᠲᠡᠷᠭᠡᠨ ᠨᠣᠮᠧᠷ ᠨᠢ ᠮᠧᠩ D S 5680︶ ᠪᠠᠭᠤᠳᠠᠯ ᠳᠤ ᠪᠠᠨ ᠪᠤᠴᠠᠪᠠ︔ 11 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ ᠶᠢᠨ 17᠄ 20 ᠴᠠᠭ ᠲᠤ ᠲᠦᠷᠭᠡᠨ ᠠᠪᠤᠷᠠᠯᠳᠠ ᠶᠢᠨ ᠲᠡᠷᠭᠡ ᠪᠠᠷ ᠪᠤᠳᠠᠰ ᠤᠨ ᠭᠦᠢᠯᠡᠯᠭᠡᠨ ᠤ ᠲᠣᠭᠤᠷᠢᠭ ᠤᠨ ᠲᠥᠪᠯᠡᠷᠡᠭᠦᠯᠦᠨ ᠲᠤᠰᠠᠭᠠᠷᠯᠠᠬᠤ ᠭᠠᠵᠠᠷ ᠲᠤ ᠰᠢᠯᠵᠢᠭᠦᠯᠦᠨ ᠬᠦᠷᠭᠡᠪᠡ᠃       ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ ᠶᠤᠸᠠᠨ ᠣᠪᠣᠭᠲᠤ ᠶᠢᠨ ᠠᠶᠠᠯᠠᠯ ᠤᠨ ᠵᠠᠮ ᠱᠤᠭᠤᠮ ᠢ ᠦᠨᠳᠦᠰᠦᠯᠡᠨ ᠥᠪᠡᠷ ᠢ ᠪᠠᠨ ᠪᠠᠶᠢᠴᠠᠭᠠᠵᠤ᠂ ᠬᠡᠷᠪᠡ ᠶᠤᠸᠠᠨ ᠣᠪᠣᠭᠲᠤ ᠲᠠᠢ ᠰᠢᠭᠤᠳ  ᠬᠠᠷᠢᠯᠴᠠᠬᠰᠠᠨ ᠪᠠᠶᠢᠪᠠᠯ᠂ ᠳᠠᠷᠤᠶ ᠲᠦᠷᠭᠡᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠠᠮᠵᠢᠯᠴᠠᠨ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠤᠭᠠᠷᠠᠶ᠃ ᠬᠡᠷᠪᠡ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠨᠢᠭᠤᠵᠤ ᠳᠠᠯᠳᠠᠯᠠᠬᠤ᠂ ᠬᠤᠳᠠᠯ ᠢᠶᠠᠷ ᠮᠡᠳᠡᠭᠦᠯᠬᠦ ᠠᠴᠠ ᠪᠣᠯᠵᠣ ᠬᠢᠵᠢᠭ ᠤᠨ ᠪᠠᠶᠢᠳᠠᠯ ᠢ ᠲᠠᠷᠬᠠᠭᠠᠭᠰᠠᠨ ᠪᠠᠶᠢᠪᠠᠯ᠂ ᠬᠠᠮᠢᠶ᠎ᠠ ᠪᠥᠬᠦᠶ ᠬᠥᠮᠦᠨ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃    ᠪᠠᠭᠠᠷᠢᠨ ᠵᠡᠭᠦᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ               ᠠᠭᠤᠰᠬᠢᠨ ᠦᠷᠪᠢᠰᠦᠯ  ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                2021 ᠣᠨ ᠤ 11 ᠳ᠋ᠦᠭᠡᠷ ᠰᠠᠷ᠎ᠠ ᠶᠢᠨ 29 ᠤ ᠡᠳᠦᠷ
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号