ᠪᠠᠭᠠᠷᠢᠨ ᠠᠷᠠᠳ ᠤᠨ ᠲᠠᠭᠤᠤ ᠶᠢ ᠴᠤᠭᠯᠠᠭᠤᠯᠵᠤ ᠬᠦᠮᠦᠷᠭᠡᠯᠡᠬᠦ ᠠᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2021/12/16
  ᠤᠶᠢᠷ᠎ᠠ ᠶᠢᠨ ᠡᠳᠦᠷ᠂ ᠪᠠᠭᠠᠷᠢᠨ ᠠᠷᠠᠳ ᠤᠨ ᠲᠠᠭᠤᠤ ᠶᠢ ᠴᠤᠭᠯᠠᠭᠤᠯᠵᠤ ᠬᠦᠮᠦᠷᠭᠡᠯᠡᠬᠦ ᠠᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠤ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠰᠢᠨᠡᠪᠠᠶᠠᠷ ᠵᠢᠴᠢ ᠬᠤᠰᠢᠭᠤ ᠠᠷᠠᠳ ᠤᠨ ᠶᠠᠪᠤᠳᠠᠯ ᠤᠨ ᠲᠤᠪᠴᠢᠶ᠎ᠠ᠂ ᠰᠤᠷᠭᠠᠨ ᠬᠦᠮᠦᠵᠢᠯ ᠤᠨ ᠲᠤᠪᠴᠢᠶ᠎ᠠ᠂ ᠮᠠᠯᠵᠢᠬᠤ ᠭᠤᠷᠪᠠᠨ ᠰᠤᠮᠤ ︵ᠪᠠᠯᠭᠠᠰᠤ︶  ᠂ ᠦᠨᠳᠦᠰᠦᠲᠡᠨ ᠤ ᠲᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠤᠷᠤᠯᠴᠠᠭᠰᠠᠨ ᠪᠠᠶᠢᠨ᠎ᠠ᠃
   ᠡᠨᠡ ᠤᠳᠠᠭᠠᠨ ᠤ ᠬᠤᠷᠠᠯ ᠢ ᠬᠤᠰᠢᠭᠤᠨ ᠤ ᠮᠤᠩᠭᠤᠯ ᠤᠯᠠᠮᠵᠢᠯᠠᠯᠲᠤ ᠰᠤᠶᠤᠯ ᠤᠨ ᠨᠡᠶᠢᠭᠡᠮᠯᠢᠭ ᠠᠴᠠ ᠭᠤᠤᠯᠯᠠᠨ ᠡᠷᠬᠢᠯᠡᠵᠡᠢ᠃ ᠰᠢᠨᠡᠪᠠᠶᠠᠷ ᠠᠴᠠ ᠬᠤᠰᠢᠭᠤᠨ ᠤ ᠮᠤᠩᠭᠤᠯ ᠤᠯᠠᠮᠵᠢᠯᠠᠯᠲᠤ ᠰᠤᠶᠤᠯ ᠤᠨ ᠨᠡᠶᠢᠭᠡᠮᠯᠢᠭ ᠤᠨ ᠦᠩᠭᠡᠷᠡᠭᠰᠡᠨ ᠬᠤᠭᠤᠴᠠᠭᠠᠨ ᠤ ᠠᠵᠢᠯ ᠳᠤ ᠬᠦᠢᠴᠡᠳ ᠨᠤᠲᠠᠯᠠᠯᠲᠠ ᠦᠭᠭᠦᠭᠰᠡᠨ ᠤ ᠬᠠᠮᠲᠤ ᠨᠡᠶᠢᠭᠡᠮᠯᠢᠭ ᠤᠨ ᠬᠢᠨ ᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠴᠦᠭᠡᠨ ᠲᠤᠭᠠᠲᠤ ᠦᠨᠳᠦᠰᠦᠲᠡᠨ ᠤ ᠰᠤᠶᠤᠯ ᠤᠨ ᠦᠢᠯᠡᠰ ᠎ ᠤᠨ ᠬᠦᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠶᠢ ᠬᠦᠰᠡᠨ ᠱᠠᠭᠠᠷᠳᠠᠭᠰᠠᠨ ᠪᠠᠶᠢᠨ᠎ᠠ᠃  ᠬᠤᠰᠢᠭᠤᠨ ᠤ ᠮᠤᠩᠭᠤᠯ ᠤᠯᠠᠮᠵᠢᠯᠠᠯᠲᠤ ᠰᠤᠶᠤᠯ ᠤᠨ ᠨᠡᠶᠢᠭᠡᠮᠯᠢᠭ ᠠᠴᠠ ᠰᠠᠨᠠᠭᠠᠴᠢᠯᠠᠨ ᠡᠭᠦᠰᠭᠡᠭᠰᠡᠨ ᠪᠠᠭᠠᠷᠢᠨ ᠠᠷᠠᠳ ᠤᠨ ᠲᠠᠭᠤᠤ ᠶᠢ ᠴᠤᠭᠯᠠᠭᠤᠯᠵᠤ ᠬᠦᠮᠦᠷᠭᠡᠯᠡᠬᠦ ᠠᠵᠢᠯ ᠨᠢ ᠡᠬᠢᠯᠡᠯᠲᠡ ᠶᠢᠨ ᠱᠠᠲᠤᠨ ᠳᠤ ᠪᠠᠨ ᠤᠷᠤᠵᠤ ᠤᠳᠤᠬᠠᠨ ᠳᠤ ᠨᠢᠭᠡᠨᠳᠡ ᠪᠠᠭᠠᠷᠢᠨ ᠵᠡᠬᠦᠨ ᠬᠤᠰᠢᠭᠤᠨ ᠤ ᠲᠠᠭᠤᠨ ᠤ ᠤᠷᠠᠨ ᠪᠦᠲᠦᠭᠡᠯ ᠪᠠ ᠲᠠᠭᠤᠴᠢᠳ ᠤᠨ ᠲᠠᠭᠤᠯᠠᠭᠰᠠᠨ 66 ᠲᠠᠭᠤᠤ ᠶᠢ U ᠲᠠᠪᠠᠭ ᠲᠤ ᠡᠮᠬᠢᠳᠬᠡᠨ ᠤᠷᠤᠭᠤᠯᠤᠭᠠᠳ ᠪᠤᠢ᠃ ᠡᠭᠦᠨ ᠠᠴᠠ ᠭᠠᠳᠠᠨ᠎ᠠ᠂ ᠲᠤᠰ ᠤᠳᠠᠭᠠᠨ ᠤ ᠬᠤᠷᠠᠯ ᠲᠡᠭᠡᠷ᠎ᠡ ᠬᠡᠰᠢᠭᠲᠡᠨ ᠬᠤᠰᠢᠭᠤᠨ ᠳᠤ ᠠᠵᠢᠯᠯᠠᠵᠤ ᠠᠮᠢᠳᠤᠷᠠᠵᠤ ᠪᠠᠶᠢᠭ᠎ᠠ ᠵᠡᠬᠦᠨ ᠪᠠᠭᠠᠷᠢᠨ ᠨᠤᠲᠤᠭ ᠲᠠᠢ ᠬ᠋᠊᠂ ᠰᠠᠶᠢᠨ᠎ᠠ ᠠᠴᠠ ᠦᠪᠡᠷ ᠤᠨ ᠤᠷᠠᠯᠠᠵᠤ ᠰᠡᠶᠢᠯᠦᠭᠰᠡᠨ ᠨᠤᠲᠤᠭ ᠰᠤᠶᠤᠯ ᠤᠨ ᠠᠭᠤᠯᠭ᠎ᠠ ᠪᠦᠬᠦᠢ ᠠᠷᠪᠠᠨ ᠭᠤᠷᠪᠠᠨ ᠲᠠᠮᠠᠭ᠎ᠠ ᠪᠠᠨ ᠬᠤᠰᠢᠭᠤᠨ ᠤ ᠮᠤᠩᠭᠤᠯ ᠤᠯᠠᠮᠵᠢᠯᠠᠯᠲᠤ ᠰᠤᠶᠤᠯ ᠤᠨ ᠨᠡᠶᠢᠭᠡᠮᠯᠢᠭ ᠲᠤ ᠪᠡᠯᠡᠭᠯᠡᠭᠰᠡᠨ ᠪᠠᠶᠢᠨ᠎ᠠ᠃ ᠬ᠋᠊᠂ ᠰᠠᠶᠢᠨ᠎ᠠ ᠠᠴᠠ ᠡᠳᠡᠭᠡᠷ ᠲᠠᠮᠠᠭᠠᠨ ᠲᠡᠭᠡᠷ᠎ᠡ ᠪᠠᠭᠠᠷᠢᠨ ᠵᠡᠬᠦᠨ ᠬᠤᠰᠢᠭᠤᠨ ᠤ ᠮᠤᠩᠭᠤᠯ ᠤᠯᠠᠮᠵᠢᠯᠠᠯᠲᠤ ᠰᠤᠶᠤᠯ ᠤᠨ ᠨᠡᠶᠢᠭᠡᠮᠯᠢᠭ ᠤᠨ ᠨᠡᠷ᠎ᠡ᠂ ᠰᠤᠶᠤᠯ ᠤᠨ ᠠᠵᠢᠯᠯᠠᠭᠠᠨ ᠤ ᠭᠤᠷᠪᠠᠨ ᠬᠤᠨᠳᠠᠭ᠎ᠠ ᠶᠢᠨ ᠨᠡᠷ᠎ᠡ ᠪᠠ ᠮᠠᠯᠵᠢᠬᠤ ᠭᠤᠷᠪᠠᠨ ᠰᠤᠮᠤᠨ ᠤ ᠨᠡᠷ᠎ᠡ ᠶᠢ ᠠᠳᠠᠯᠢ ᠪᠤᠰᠤ ᠬᠡᠯᠪᠡᠷᠢ ᠮᠠᠶ᠋ᠢᠭ ᠢᠶᠠᠷ ᠤᠷᠠᠯᠠᠨ ᠰᠡᠶᠢᠯᠦᠭᠰᠡᠨ ᠲᠡᠳᠦᠢ ᠦᠬᠡᠢ ᠪᠠᠭᠠᠷᠢᠨ ᠵᠡᠬᠦᠨ ᠬᠤᠰᠢᠭᠤᠨ ᠤ ᠪᠡᠯᠭᠡ ᠲᠡᠮᠳᠡᠭ ᠪᠤᠯᠤᠭᠰᠠᠨ ︽ᠠᠭᠲᠠ ᠶᠢᠨ ᠲᠠᠯ᠎ᠠ︾᠂ ︽ᠰᠠᠶᠢᠬᠠᠨ ᠤᠷᠤᠢ︾᠂ ︽ᠬᠢᠯᠤᠪᠠᠷ ᠵᠤᠤ︾᠂ ︽ᠲᠦᠮᠡᠨ ᠠᠭᠳᠠ ᠶᠢᠨ ᠲᠦᠪᠡᠷᠭᠡᠨ︾ ᠵᠡᠷᠭᠡ ᠦᠰᠦᠭ ᠢ ᠴᠦ ᠤᠷᠠᠯᠠᠨ ᠰᠡᠶᠢᠯᠦᠭᠰᠡᠨ ᠪᠠᠶᠢᠨ᠎ᠠ᠃      ᠪᠠᠭᠠᠷᠢᠨ ᠵᠡᠬᠦᠨ ᠬᠤᠰᠢᠭᠤᠨ ᠤ ᠮᠤᠩᠭᠤᠯ ᠤᠯᠠᠮᠵᠢᠯᠠᠯᠲᠤ ᠰᠤᠶᠤᠯ ᠤᠨ ᠨᠡᠶᠢᠭᠡᠮᠯᠢᠭ ᠨᠢ ᠡᠭᠦᠰᠬᠡᠨ ᠪᠠᠶᠢᠭᠤᠯᠤᠭᠳᠠᠭᠰᠠᠨ ᠠᠷᠪᠠ ᠭᠠᠷᠤᠢ ᠵᠢᠯ ᠤᠨ ᠢᠶᠠᠨ ᠲᠤᠷᠰᠢ ᠬᠤᠰᠢᠭᠤ ᠤᠷᠤᠨ ᠨᠤᠲᠤᠭ ᠤᠨ ᠰᠤᠶᠤᠯ ᠤᠨ ᠦᠢᠯᠡᠰ ᠎ ᠤᠨ ᠬᠦᠭᠵᠢᠯᠲᠡ ᠶᠢᠨ ᠲᠦᠯᠦᠬᠡ ᠴᠢᠷᠮᠠᠶᠢᠨ ᠠᠵᠢᠯᠯᠠᠵᠤ ᠡᠳᠦᠢ ᠲᠡᠳᠦᠢ ᠠᠵᠢᠯᠯᠭᠠᠠᠨ ᠬᠦᠳᠡᠯᠬᠡᠬᠡᠨ ᠢ ᠵᠤᠬᠢᠶᠠᠨ ᠪᠠᠶᠢᠭᠤᠯᠤᠨ ᠦᠷᠨᠢᠬᠦᠯᠦᠭᠰᠡᠨ ᠪᠠᠶᠢᠳᠠᠭ᠃ ᠲᠤᠰ ᠤᠳᠠᠭ᠎ᠠ ᠳᠤ ᠪᠠᠭᠠᠷᠢᠨ ᠠᠷᠠᠳ ᠤᠨ ᠲᠠᠭᠤᠤ ᠶᠢ ᠴᠤᠭᠯᠠᠭᠤᠯᠵᠤ ᠬᠦᠮᠦᠷᠭᠡᠯᠡᠬᠦ ᠠᠵᠢᠯ ᠤᠨ ᠲᠤᠭᠤᠷᠢᠨ ᠳᠤ ᠬᠠᠮᠢᠶ᠎ᠠ ᠪᠦᠬᠦᠢ ᠬᠦᠮᠦᠰ ᠢ ᠲᠠᠶᠢᠴᠢᠯᠠᠨ ᠠᠵᠢᠯᠯᠠᠵᠤ ᠠᠩᠬᠠᠨ ᠱᠠᠲᠤᠨ ᠤ ᠠᠵᠢᠯ ᠢᠶᠠᠨ ᠠᠮᠵᠢᠯᠲᠠ ᠲᠠᠢ ᠬᠦᠢᠴᠡᠳᠬᠡᠭᠡᠳ ᠪᠠᠶᠢᠨ᠎ᠠ᠃                          ᠰᠤᠷᠪᠤᠯᠵᠢᠯᠠᠭᠴᠢ ᠰᠤᠳᠤ᠂ ᠡᠷᠬᠢᠮᠪᠠᠶᠠᠷ ᠮᠡᠳᠡᠭᠡᠯᠡᠵᠡᠢ᠃                 ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷᠢ ᠶᠢᠨ ᠳᠦᠪ ᠤᠨ ᠮᠣᠩᠭᠤᠯ ᠨᠠᠶᠢᠷᠠᠭᠤᠯᠬᠤ ᠬᠡᠯᠳᠡᠰ    
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷᠢ ᠶᠢᠨ ᠳᠦᠪ ᠤᠨ ᠮᠣᠩᠭᠤᠯ ᠨᠠᠶᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号