ᠪᠠᠭᠠᠷᠢᠨ ᠠᠷᠠᠳ ᠤᠨ ᠲᠠᠭᠤᠤ ᠶᠢ ᠴᠤᠭᠯᠠᠭᠤᠯᠵᠤ ᠬᠦᠮᠦᠷᠭᠡᠯᠡᠬᠦ ᠠᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2021/12/16
  ᠤᠶᠢᠷ᠎ᠠ ᠶᠢᠨ ᠡᠳᠦᠷ᠂ ᠪᠠᠭᠠᠷᠢᠨ ᠠᠷᠠᠳ ᠤᠨ ᠲᠠᠭᠤᠤ ᠶᠢ ᠴᠤᠭᠯᠠᠭᠤᠯᠵᠤ ᠬᠦᠮᠦᠷᠭᠡᠯᠡᠬᠦ ᠠᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠤ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠰᠢᠨᠡᠪᠠᠶᠠᠷ ᠵᠢᠴᠢ ᠬᠤᠰᠢᠭᠤ ᠠᠷᠠᠳ ᠤᠨ ᠶᠠᠪᠤᠳᠠᠯ ᠤᠨ ᠲᠤᠪᠴᠢᠶ᠎ᠠ᠂ ᠰᠤᠷᠭᠠᠨ ᠬᠦᠮᠦᠵᠢᠯ ᠤᠨ ᠲᠤᠪᠴᠢᠶ᠎ᠠ᠂ ᠮᠠᠯᠵᠢᠬᠤ ᠭᠤᠷᠪᠠᠨ ᠰᠤᠮᠤ ︵ᠪᠠᠯᠭᠠᠰᠤ︶  ᠂ ᠦᠨᠳᠦᠰᠦᠲᠡᠨ ᠤ ᠲᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠤᠷᠤᠯᠴᠠᠭᠰᠠᠨ ᠪᠠᠶᠢᠨ᠎ᠠ᠃
   ᠡᠨᠡ ᠤᠳᠠᠭᠠᠨ ᠤ ᠬᠤᠷᠠᠯ ᠢ ᠬᠤᠰᠢᠭᠤᠨ ᠤ ᠮᠤᠩᠭᠤᠯ ᠤᠯᠠᠮᠵᠢᠯᠠᠯᠲᠤ ᠰᠤᠶᠤᠯ ᠤᠨ ᠨᠡᠶᠢᠭᠡᠮᠯᠢᠭ ᠠᠴᠠ ᠭᠤᠤᠯᠯᠠᠨ ᠡᠷᠬᠢᠯᠡᠵᠡᠢ᠃ ᠰᠢᠨᠡᠪᠠᠶᠠᠷ ᠠᠴᠠ ᠬᠤᠰᠢᠭᠤᠨ ᠤ ᠮᠤᠩᠭᠤᠯ ᠤᠯᠠᠮᠵᠢᠯᠠᠯᠲᠤ ᠰᠤᠶᠤᠯ ᠤᠨ ᠨᠡᠶᠢᠭᠡᠮᠯᠢᠭ ᠤᠨ ᠦᠩᠭᠡᠷᠡᠭᠰᠡᠨ ᠬᠤᠭᠤᠴᠠᠭᠠᠨ ᠤ ᠠᠵᠢᠯ ᠳᠤ ᠬᠦᠢᠴᠡᠳ ᠨᠤᠲᠠᠯᠠᠯᠲᠠ ᠦᠭᠭᠦᠭᠰᠡᠨ ᠤ ᠬᠠᠮᠲᠤ ᠨᠡᠶᠢᠭᠡᠮᠯᠢᠭ ᠤᠨ ᠬᠢᠨ ᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠴᠦᠭᠡᠨ ᠲᠤᠭᠠᠲᠤ ᠦᠨᠳᠦᠰᠦᠲᠡᠨ ᠤ ᠰᠤᠶᠤᠯ ᠤᠨ ᠦᠢᠯᠡᠰ  ᠤᠨ ᠬᠦᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠶᠢ ᠬᠦᠰᠡᠨ ᠱᠠᠭᠠᠷᠳᠠᠭᠰᠠᠨ ᠪᠠᠶᠢᠨ᠎ᠠ᠃  ᠬᠤᠰᠢᠭᠤᠨ ᠤ ᠮᠤᠩᠭᠤᠯ ᠤᠯᠠᠮᠵᠢᠯᠠᠯᠲᠤ ᠰᠤᠶᠤᠯ ᠤᠨ ᠨᠡᠶᠢᠭᠡᠮᠯᠢᠭ ᠠᠴᠠ ᠰᠠᠨᠠᠭᠠᠴᠢᠯᠠᠨ ᠡᠭᠦᠰᠭᠡᠭᠰᠡᠨ ᠪᠠᠭᠠᠷᠢᠨ ᠠᠷᠠᠳ ᠤᠨ ᠲᠠᠭᠤᠤ ᠶᠢ ᠴᠤᠭᠯᠠᠭᠤᠯᠵᠤ ᠬᠦᠮᠦᠷᠭᠡᠯᠡᠬᠦ ᠠᠵᠢᠯ ᠨᠢ ᠡᠬᠢᠯᠡᠯᠲᠡ ᠶᠢᠨ ᠱᠠᠲᠤᠨ ᠳᠤ ᠪᠠᠨ ᠤᠷᠤᠵᠤ ᠤᠳᠤᠬᠠᠨ ᠳᠤ ᠨᠢᠭᠡᠨᠳᠡ ᠪᠠᠭᠠᠷᠢᠨ ᠵᠡᠬᠦᠨ ᠬᠤᠰᠢᠭᠤᠨ ᠤ ᠲᠠᠭᠤᠨ ᠤ ᠤᠷᠠᠨ ᠪᠦᠲᠦᠭᠡᠯ ᠪᠠ ᠲᠠᠭᠤᠴᠢᠳ ᠤᠨ ᠲᠠᠭᠤᠯᠠᠭᠰᠠᠨ 66 ᠲᠠᠭᠤᠤ ᠶᠢ U ᠲᠠᠪᠠᠭ ᠲᠤ ᠡᠮᠬᠢᠳᠬᠡᠨ ᠤᠷᠤᠭᠤᠯᠤᠭᠠᠳ ᠪᠤᠢ᠃ ᠡᠭᠦᠨ ᠠᠴᠠ ᠭᠠᠳᠠᠨ᠎ᠠ᠂ ᠲᠤᠰ ᠤᠳᠠᠭᠠᠨ ᠤ ᠬᠤᠷᠠᠯ ᠲᠡᠭᠡᠷ᠎ᠡ ᠬᠡᠰᠢᠭᠲᠡᠨ ᠬᠤᠰᠢᠭᠤᠨ ᠳᠤ ᠠᠵᠢᠯᠯᠠᠵᠤ ᠠᠮᠢᠳᠤᠷᠠᠵᠤ ᠪᠠᠶᠢᠭ᠎ᠠ ᠵᠡᠬᠦᠨ ᠪᠠᠭᠠᠷᠢᠨ ᠨᠤᠲᠤᠭ ᠲᠠᠢ ᠬ᠋᠊᠂ ᠰᠠᠶᠢᠨ᠎ᠠ ᠠᠴᠠ ᠦᠪᠡᠷ ᠤᠨ ᠤᠷᠠᠯᠠᠵᠤ ᠰᠡᠶᠢᠯᠦᠭᠰᠡᠨ ᠨᠤᠲᠤᠭ ᠰᠤᠶᠤᠯ ᠤᠨ ᠠᠭᠤᠯᠭ᠎ᠠ ᠪᠦᠬᠦᠢ ᠠᠷᠪᠠᠨ ᠭᠤᠷᠪᠠᠨ ᠲᠠᠮᠠᠭ᠎ᠠ ᠪᠠᠨ ᠬᠤᠰᠢᠭᠤᠨ ᠤ ᠮᠤᠩᠭᠤᠯ ᠤᠯᠠᠮᠵᠢᠯᠠᠯᠲᠤ ᠰᠤᠶᠤᠯ ᠤᠨ ᠨᠡᠶᠢᠭᠡᠮᠯᠢᠭ ᠲᠤ ᠪᠡᠯᠡᠭᠯᠡᠭᠰᠡᠨ ᠪᠠᠶᠢᠨ᠎ᠠ᠃ ᠬ᠋᠊᠂ ᠰᠠᠶᠢᠨ᠎ᠠ ᠠᠴᠠ ᠡᠳᠡᠭᠡᠷ ᠲᠠᠮᠠᠭᠠᠨ ᠲᠡᠭᠡᠷ᠎ᠡ ᠪᠠᠭᠠᠷᠢᠨ ᠵᠡᠬᠦᠨ ᠬᠤᠰᠢᠭᠤᠨ ᠤ ᠮᠤᠩᠭᠤᠯ ᠤᠯᠠᠮᠵᠢᠯᠠᠯᠲᠤ ᠰᠤᠶᠤᠯ ᠤᠨ ᠨᠡᠶᠢᠭᠡᠮᠯᠢᠭ ᠤᠨ ᠨᠡᠷ᠎ᠡ᠂ ᠰᠤᠶᠤᠯ ᠤᠨ ᠠᠵᠢᠯᠯᠠᠭᠠᠨ ᠤ ᠭᠤᠷᠪᠠᠨ ᠬᠤᠨᠳᠠᠭ᠎ᠠ ᠶᠢᠨ ᠨᠡᠷ᠎ᠡ ᠪᠠ ᠮᠠᠯᠵᠢᠬᠤ ᠭᠤᠷᠪᠠᠨ ᠰᠤᠮᠤᠨ ᠤ ᠨᠡᠷ᠎ᠡ ᠶᠢ ᠠᠳᠠᠯᠢ ᠪᠤᠰᠤ ᠬᠡᠯᠪᠡᠷᠢ ᠮᠠᠶ᠋ᠢᠭ ᠢᠶᠠᠷ ᠤᠷᠠᠯᠠᠨ ᠰᠡᠶᠢᠯᠦᠭᠰᠡᠨ ᠲᠡᠳᠦᠢ ᠦᠬᠡᠢ ᠪᠠᠭᠠᠷᠢᠨ ᠵᠡᠬᠦᠨ ᠬᠤᠰᠢᠭᠤᠨ ᠤ ᠪᠡᠯᠭᠡ ᠲᠡᠮᠳᠡᠭ ᠪᠤᠯᠤᠭᠰᠠᠨ ︽ᠠᠭᠲᠠ ᠶᠢᠨ ᠲᠠᠯ᠎ᠠ︾᠂ ︽ᠰᠠᠶᠢᠬᠠᠨ ᠤᠷᠤᠢ︾᠂ ︽ᠬᠢᠯᠤᠪᠠᠷ ᠵᠤᠤ︾᠂ ︽ᠲᠦᠮᠡᠨ ᠠᠭᠳᠠ ᠶᠢᠨ ᠲᠦᠪᠡᠷᠭᠡᠨ︾ ᠵᠡᠷᠭᠡ ᠦᠰᠦᠭ ᠢ ᠴᠦ ᠤᠷᠠᠯᠠᠨ ᠰᠡᠶᠢᠯᠦᠭᠰᠡᠨ ᠪᠠᠶᠢᠨ᠎ᠠ᠃      ᠪᠠᠭᠠᠷᠢᠨ ᠵᠡᠬᠦᠨ ᠬᠤᠰᠢᠭᠤᠨ ᠤ ᠮᠤᠩᠭᠤᠯ ᠤᠯᠠᠮᠵᠢᠯᠠᠯᠲᠤ ᠰᠤᠶᠤᠯ ᠤᠨ ᠨᠡᠶᠢᠭᠡᠮᠯᠢᠭ ᠨᠢ ᠡᠭᠦᠰᠬᠡᠨ ᠪᠠᠶᠢᠭᠤᠯᠤᠭᠳᠠᠭᠰᠠᠨ ᠠᠷᠪᠠ ᠭᠠᠷᠤᠢ ᠵᠢᠯ ᠤᠨ ᠢᠶᠠᠨ ᠲᠤᠷᠰᠢ ᠬᠤᠰᠢᠭᠤ ᠤᠷᠤᠨ ᠨᠤᠲᠤᠭ ᠤᠨ ᠰᠤᠶᠤᠯ ᠤᠨ ᠦᠢᠯᠡᠰ  ᠤᠨ ᠬᠦᠭᠵᠢᠯᠲᠡ ᠶᠢᠨ ᠲᠦᠯᠦᠬᠡ ᠴᠢᠷᠮᠠᠶᠢᠨ ᠠᠵᠢᠯᠯᠠᠵᠤ ᠡᠳᠦᠢ ᠲᠡᠳᠦᠢ ᠠᠵᠢᠯᠯᠭᠠᠠᠨ ᠬᠦᠳᠡᠯᠬᠡᠬᠡᠨ ᠢ ᠵᠤᠬᠢᠶᠠᠨ ᠪᠠᠶᠢᠭᠤᠯᠤᠨ ᠦᠷᠨᠢᠬᠦᠯᠦᠭᠰᠡᠨ ᠪᠠᠶᠢᠳᠠᠭ᠃ ᠲᠤᠰ ᠤᠳᠠᠭ᠎ᠠ ᠳᠤ ᠪᠠᠭᠠᠷᠢᠨ ᠠᠷᠠᠳ ᠤᠨ ᠲᠠᠭᠤᠤ ᠶᠢ ᠴᠤᠭᠯᠠᠭᠤᠯᠵᠤ ᠬᠦᠮᠦᠷᠭᠡᠯᠡᠬᠦ ᠠᠵᠢᠯ ᠤᠨ ᠲᠤᠭᠤᠷᠢᠨ ᠳᠤ ᠬᠠᠮᠢᠶ᠎ᠠ ᠪᠦᠬᠦᠢ ᠬᠦᠮᠦᠰ ᠢ ᠲᠠᠶᠢᠴᠢᠯᠠᠨ ᠠᠵᠢᠯᠯᠠᠵᠤ ᠠᠩᠬᠠᠨ ᠱᠠᠲᠤᠨ ᠤ ᠠᠵᠢᠯ ᠢᠶᠠᠨ ᠠᠮᠵᠢᠯᠲᠠ ᠲᠠᠢ ᠬᠦᠢᠴᠡᠳᠬᠡᠭᠡᠳ ᠪᠠᠶᠢᠨ᠎ᠠ᠃                          ᠰᠤᠷᠪᠤᠯᠵᠢᠯᠠᠭᠴᠢ ᠰᠤᠳᠤ᠂ ᠡᠷᠬᠢᠮᠪᠠᠶᠠᠷ ᠮᠡᠳᠡᠭᠡᠯᠡᠵᠡᠢ᠃                 ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷᠢ ᠶᠢᠨ ᠳᠦᠪ ᠤᠨ ᠮᠣᠩᠭᠤᠯ ᠨᠠᠶᠢᠷᠠᠭᠤᠯᠬᠤ ᠬᠡᠯᠳᠡᠰ    
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷᠢ ᠶᠢᠨ ᠳᠦᠪ ᠤᠨ ᠮᠣᠩᠭᠤᠯ ᠨᠠᠶᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号