ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠢᠯ ᠢ ᠴᠤᠭᠯᠠᠭᠤᠯᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2021/12/16
ᠵᠡᠭᠦᠨ ᠵᠠᠰᠠᠭ ᠥᠰᠥᠭ 〔2021〕83 ᠲᠣᠭᠠᠲᠤ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠢᠯ ᠢ ᠴᠤᠭᠯᠠᠭᠤᠯᠬᠤ ᠲᠤᠬᠠᠶ ᠵᠠᠷᠯᠠᠯ     2021 ᠣᠨ ᠳᠤ᠂ ᠮᠠᠨ ᠤ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠢᠯ ᠮᠠᠰᠢ ᠰᠠᠶᠢᠨ ᠨᠡᠶᠢᠭᠡᠮ ᠤᠨ ᠨᠥᠯᠥᠭᠡᠯᠡᠯ ᠢ ᠣᠯᠵᠤ᠂ ᠥᠷᠭᠡᠨ ᠣᠯᠠᠨ ᠲᠦᠮᠡᠨ ᠬᠦᠷᠢᠶᠡᠯᠡᠨ ᠳᠠᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ ᠮᠡᠳᠡᠷᠡᠪᠡ᠃ ᠠᠷᠠᠳ ᠤᠨ ᠠᠮᠢᠳᠤᠷᠠᠯ ᠤᠨ ᠰᠢᠢᠳᠪᠦᠷᠢᠳᠦ ᠪᠣᠳᠣᠯᠭ᠎ᠠ ᠶᠢ ᠠᠷᠠᠳᠴᠢᠯᠠᠬᠤ᠂ ᠰᠢᠨᠵᠢᠯᠡᠬᠦ ᠤᠬᠠᠭᠠᠨᠴᠢᠯᠠᠬᠤ᠂ ᠬᠠᠤᠯᠢ ᠪᠠᠷ ᠵᠠᠰᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠠᠬᠢ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠶᠢᠨ ᠲᠥᠯᠥᠭᠡ᠂ ᠬᠤᠰᠢᠭᠤ ᠠᠷᠠᠳ ᠤᠨ ᠵᠠᠰᠠᠭ ᠤᠨ ᠣᠷᠳᠣᠨ ᠣᠲᠣ ᠨᠡᠶᠢᠭᠡᠮ ᠨᠡᠶᠢᠲᠡ ᠠᠴᠠ 2022 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠢᠯᠡ ᠪᠠᠷ ᠡᠯᠰᠡᠵᠦ ᠪᠠᠶᠢᠨ᠎ᠠ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠪᠠ᠄᠃      ᠨᠢᠭᠡ᠂ ᠡᠯᠰᠡᠬᠦ ᠡᠳᠦᠷ ᠬᠤᠭᠤᠴᠠᠭ᠎ᠠ  ᠄ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2021 ᠣᠨ ᠤ 11 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨᠠᠬᠢ 17 ᠴᠠᠭ ᠪᠣᠯᠲᠠᠯ᠎ᠠ᠃     ᠬᠤᠶᠠᠷ᠂ ᠡᠯᠰᠡᠬᠦ ᠠᠷᠭ᠎ᠠ ᠵᠠᠮ᠃ ᠨᠢᠭᠡ ᠳᠤ᠂ ᠨᠡᠶᠢᠭᠡᠮ ᠤᠨ ᠡᠯ᠎ᠡ ᠡᠲᠡᠭᠡᠳ ᠵᠢᠴᠢ ᠮᠠᠨ ᠤ ᠬᠤᠰᠢᠭᠤᠨ ᠤ ᠥᠷᠭᠡᠨ ᠣᠯᠠᠨ ᠲᠦᠮᠡᠨ ᠤ ᠰᠠᠨᠠᠭᠤᠯᠭ᠎ᠠ ᠶᠢ ᠬᠤᠷᠢᠶᠠᠪᠠ︔ ᠬᠤᠶᠠᠷ ᠲᠤ  ᠂ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ᠂ ᠬᠤᠰᠢᠭᠤᠨ ᠬᠠᠷᠢᠶ᠎ᠠ ᠰᠠᠯᠠᠭ᠎ᠠ ᠮᠥᠴᠢᠷ ᠵᠢᠴᠢ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠵᠡᠭᠦᠨ ᠬᠤᠰᠢᠭᠤᠨ ᠳᠤ ᠰᠠᠭᠤᠭ᠎ᠠ ᠡᠯ᠎ᠡ  ᠨᠢᠭᠡᠴᠠ ᠶᠢᠨ ᠰᠠᠨᠠᠭᠤᠯᠭ᠎ᠠ ᠶᠢ ᠬᠤᠷᠢᠶᠠᠪᠠ᠃     ᠭᠤᠷᠪᠠ᠂ ᠡᠯᠰᠡᠬᠦ ᠠᠭᠤᠯᠭ᠎ᠠ ᠵᠢᠴᠢ ᠬᠡᠪᠴᠢᠶ᠎ᠡ᠃ ᠥᠷᠭᠡᠨ ᠣᠯᠠᠨ ᠲᠦᠮᠡᠨ ᠤ ︽ᠢᠳᠡᠵᠦ ᠡᠮᠦᠰᠬᠦ ᠶᠠᠪᠤᠵᠤ ᠰᠠᠭᠤᠬᠤ᠂ ᠠᠮᠤᠷ ᠲᠠᠶᠢᠪᠤᠩ ᠠᠵᠤ ᠲᠦᠷᠦᠭᠦ︾ ᠶᠢ ᠪᠠᠲᠤᠯᠠᠬᠤ᠂ ᠠᠷᠠᠳ ᠣᠯᠠᠨ ᠤ ︽ᠰᠠᠨᠠᠭ᠎ᠠ ᠵᠣᠪᠠᠭ᠋ᠤ᠂ ᠰᠡᠳᠬᠢᠯ ᠵᠣᠪᠠᠭ᠋ᠤ᠂ ᠰᠡᠳᠬᠢᠯ  ᠠᠯᠭᠠᠰᠠᠬᠤ︾ ᠶᠢ ᠦᠨᠡᠨᠬᠦ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠨ᠂ ︽ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠠᠰᠢᠭ  ᠣᠯᠭᠤᠯᠬᠤ︾ ᠵᠠᠷᠴᠢᠮ ᠤᠨ ᠶᠣᠰᠣᠭᠠᠷ᠂ ᠣᠯᠠᠨ ᠲᠦᠮᠡᠨ ᠤ ᠠᠮᠢᠳᠤᠷᠠᠯ᠂ ᠦᠢᠯᠡᠳᠪᠦᠷᠢᠯᠡᠯ ᠯᠦᠭᠡ ᠨᠢᠭᠲᠠ ᠬᠤᠯᠪᠣᠭᠳᠠᠬᠤ ᠨᠢᠭᠡ ᠪᠦᠯᠦᠭ ᠲᠥᠷᠥᠯ ᠵᠦᠢᠯ ᠢ ᠴᠢᠷᠮᠠᠶᠢᠨ ᠲᠣᠬᠢᠷᠠᠭᠤᠯᠤᠨ᠎ᠠ᠃ ᠭᠤᠤᠯᠳᠠᠭᠤ᠄ ᠠᠵᠢᠯ ᠣᠯᠭᠤᠬᠤ ᠪᠣᠯᠪᠠᠰᠤᠷᠠᠭᠤᠯᠤᠯ᠂ ᠰᠤᠷᠭᠠᠨ ᠬᠥᠮᠦᠵᠢᠯ ᠤᠨ  ᠦᠢᠯᠡᠰ᠂ ᠡᠷᠡᠭᠦᠯ ᠬᠠᠮᠠᠭᠠᠯᠠᠯ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠣᠷᠣᠨ ᠰᠠᠭᠤᠴᠠ ᠶᠢᠨ ᠪᠠᠲᠤᠯᠠᠭ᠎ᠠ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠰᠣᠶᠣᠯ ᠤᠨ ᠪᠠᠶᠢᠭᠤᠯᠤᠯᠲᠠ᠂ ᠨᠠᠰᠤᠵᠢᠯ ᠤᠨ  ᠦᠢᠯᠡᠴᠢᠯᠡᠭᠡᠨ᠂ ᠠᠮᠤᠷ ᠲᠦᠪᠰᠢᠨ ᠤ ᠪᠠᠲᠤᠯᠠᠭ᠎ᠠ᠂ ᠬᠤᠲᠠ ᠶᠢᠨ ᠬᠠᠮᠢᠶᠠᠷᠤᠯᠲᠠ᠂ ᠶᠠᠳᠠᠭᠤ ᠶᠢ ᠲᠡᠳᠬᠦᠨ ᠬᠦᠴᠢᠷᠳᠡᠯᠲᠡᠶ ᠶᠢ ᠲᠤᠰᠠᠯᠠᠬᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠶᠢᠨ ᠲᠥᠷᠥᠯ ᠵᠦᠢᠯ ᠪᠠᠭᠲᠠᠨ᠎ᠠ᠃     ᠳᠥᠷᠪᠡ᠂ ᠡᠯᠰᠡᠬᠦ ᠱᠠᠭᠠᠷᠳᠠᠯᠭ᠎ᠠ᠃ 1 . ᠲᠥᠷᠥᠯ ᠵᠦᠢᠯ ᠤᠨ ᠰᠠᠨᠠᠭᠤᠯᠭ᠎ᠠ ᠶᠢᠨ ᠲᠠᠯ᠎ᠠ ᠪᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠦᠷᠢᠯᠳᠦᠭᠦᠯᠵᠦ᠂ ᠲᠥᠷᠥᠯ ᠵᠦᠢᠯ ᠤᠨ ᠨᠡᠷᠡᠶᠢᠳᠦᠯ᠂ ᠲᠥᠷᠥᠯ  ᠵᠦᠢᠯ ᠤᠨ ᠠᠬᠤᠶ ᠪᠠᠶᠢᠳᠠᠯ᠂ ᠲᠥᠷᠥᠯ  ᠵᠦᠢᠯ ᠤᠨ ᠠᠭᠤᠯᠭ᠎ᠠ᠂ ᠬᠡᠷᠡᠭᠵᠢᠭᠦᠯᠬᠦ ᠭᠤᠤᠯ ᠴᠣᠭᠴᠠ᠂ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠵᠢᠴᠢ ᠪᠠᠯᠠ ᠮᠥᠩᠭᠦ ᠶᠢᠨ ᠢᠷᠡᠯᠲᠡ᠂ ᠪᠣᠯᠤᠮᠵᠢᠲᠤ ᠴᠢᠨᠠᠷ ᠤᠨ ᠵᠠᠳᠠᠯᠤᠯᠲᠠ ᠶᠢᠨ ᠮᠠᠲ᠋ᠧᠷᠢᠶᠠᠯ ᠵᠢᠴᠢ ᠪᠤᠰᠤᠳ ᠬᠠᠩᠭᠠᠬᠤ ᠴᠢᠬᠤᠯᠠᠲᠠᠶ ᠠᠭᠤᠯᠭ᠎ᠠ ᠶᠢ ᠬᠠᠩᠭᠠᠬᠤ ᠴᠢᠬᠤᠯᠠᠲᠠᠶ ᠪᠠᠶᠢᠵᠤ᠂ ᠣᠨᠴᠣᠭᠤᠶ ᠪᠠᠶᠢᠳᠠᠯ ᠢ ᠴᠤ ᠳᠥᠭᠦᠮᠴᠢᠯᠡᠨ ᠰᠢᠶ᠋ᠳᠪᠦᠷᠢᠯᠡᠵᠦ ᠪᠣᠯᠤᠨ᠎ᠠ︔ 2 . ᠲᠥᠷᠥᠯ ᠵᠦᠢᠯ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ᠂ ᠲᠥᠯᠥᠭᠡᠯᠡᠬᠦ ᠴᠢᠨᠠᠷ᠂ ᠪᠦᠬᠦ ᠲᠠᠯ᠎ᠠ ᠶᠢᠨ ᠴᠢᠨᠠᠷ ᠵᠢᠴᠢ ᠬᠠᠮᠤᠷᠬᠤ ᠬᠡᠪᠴᠢᠶ᠎ᠡ ᠨᠢ ᠰᠠᠶᠢᠨ᠂ ᠠᠰᠢᠭ ᠬᠦᠷᠲᠡᠬᠦ ᠬᠡᠪᠴᠢᠶ᠎ᠡ ᠨᠢ ᠥᠷᠭᠡᠨ ᠪᠠᠶᠢᠬᠤ ᠣᠨᠴᠠᠯᠢᠭ ᠲᠠᠢ ᠪᠠᠶᠢᠬᠤ ᠬᠡᠷᠡᠭᠲᠡᠶ︔ 3 . ᠪᠠᠯᠠ ᠣᠷᠣᠭᠤᠯᠬᠤ ᠬᠡᠪᠴᠢᠶ᠎ᠡ ᠶᠢᠨ ᠲᠠᠯ᠎ᠠ ᠪᠠᠷ᠂ ᠪᠣᠯᠤᠮᠵᠢᠲᠤ ᠴᠢᠨᠠᠷ᠂ ᠵᠦᠶ ᠵᠣᠬᠢᠰᠲᠠᠶ ᠴᠢᠨᠠᠷ ᠢ ᠪᠦᠷᠢᠯᠳᠦᠭᠦᠯᠵᠦ᠂ ᠮᠠᠨ ᠤ ᠬᠤᠰᠢᠭᠤᠨ ᠤ ᠪᠣᠳᠠᠲᠤ ᠪᠠᠶᠢᠳᠠᠯ ᠢ  ᠭᠦᠢᠴᠡᠳ ᠪᠣᠳᠣᠯᠬᠢᠯᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠨ᠎ᠠ︔ 4 . ᠪᠥᠲᠥᠭᠡᠨ ᠪᠠᠶᠢᠭᠤᠯᠬᠤ ᠦᠶᠡᠯᠡᠯ ᠤᠨ ᠬᠤᠭᠤᠴᠠᠭ᠎ᠠ ᠶᠢᠨ ᠲᠠᠯ᠎ᠠ ᠪᠠᠷ᠂ ᠡᠵᠡᠮᠳᠡᠵᠦ ᠪᠣᠯᠬᠤᠶᠢᠴᠠ ᠴᠢᠨᠠᠷ ᠢ ᠪᠦᠷᠢᠯᠳᠦᠭᠦᠯᠵᠦ᠂ ᠵᠠᠷᠴᠢᠮ ᠳᠡᠭᠡᠷ᠎ᠡ ᠪᠠᠨ 2022 ᠣᠨ ᠳᠤ ᠪᠡᠶᠡᠯᠡᠭᠦᠯᠬᠦ ᠪᠠᠷ ᠱᠠᠭᠠᠷᠳᠠᠨ᠎ᠠ᠃       ᠲᠠᠪᠤ᠂ ᠲᠠᠭᠯᠠᠨ ᠮᠡᠳᠡᠭᠦᠯᠬᠦ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠮᠠᠶ᠋ᠢᠭ  ᠄ 1 . ︽2022 ᠣᠨ ᠤ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ︾ ᠶᠢᠨ ᠱᠠᠭᠠᠷᠳᠠᠯᠭ᠎ᠠ ᠶᠣᠰᠣᠭᠠᠷ᠂ ᠲᠠᠭᠯᠠᠨ ᠮᠡᠳᠡᠭᠦᠯᠬᠦ ᠶᠢ ᠵᠢᠷᠤᠮᠵᠢᠭᠤᠯᠵᠤ᠂ ᠬᠦᠰᠦᠨᠦᠭ ᠲᠤ ᠪᠣᠯᠤᠮᠵᠢᠲᠤ ᠵᠠᠳᠠᠯᠤᠯᠲᠠ ᠶᠢᠨ ᠮᠠᠲ᠋ᠧᠷᠢᠶᠠᠯ ᠢ ᠳᠠᠭᠠᠯᠳᠣᠭᠤᠯᠣᠨ᠎ᠠ᠃ ︵ᠡᠯᠰᠡᠬᠦ ᠬᠦᠰᠦᠨᠦᠭᠲᠦ ᠶᠢ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠪᠠᠷ ᠪᠠᠭᠤᠯᠭᠠᠨ ᠠᠪᠴᠤ ᠪᠣᠯᠤᠨ᠎ᠠ︶᠃ 2 . ᠪᠢᠴᠢᠭ᠂ ᠵᠠᠬᠢᠳᠠᠯ᠂ ᠢᠮᠧᠯ ᠵᠡᠷᠭᠡ ᠬᠡᠯᠪᠡᠷᠢ ᠪᠠᠷ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠰᠠᠨᠠᠯ ᠰᠠᠨᠠᠭᠤᠯᠭ᠎ᠠ ᠳᠤᠷᠠᠳᠤᠨ᠎ᠠ᠃ ᠢᠮᠧᠯ ᠢ blzqxmzj @ 126 . com ᠲᠤ ᠬᠦᠷᠭᠡᠵᠦ᠂ ᠪᠢᠴᠢᠭ ᠤᠨ ᠵᠠᠬᠢᠳᠠᠯ ᠢ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠲᠤ ᠬᠦᠷᠭᠡᠨ᠎ᠡ᠂ ᠠᠰᠠᠭᠤᠨ ᠯᠠᠪᠯᠠᠬᠤ ᠤᠲᠠᠰᠤ᠄ 7861000᠂ ᠹᠠᠺᠰ᠄ 7882662᠃        ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ ᠳᠠᠭᠠᠯᠳᠤᠭᠤᠯᠤᠯ᠄ 2022 ᠣᠨ ᠤ ᠪᠠᠭᠠᠷᠢᠨ ᠵᠡᠭᠦᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ                         ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                              2021 ᠣᠨ ᠤ 11 ᠰᠠᠷ᠎ᠠ ᠶᠢᠨ 22 ᠤᠨ ᠡᠳᠦᠷ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号