ᠮᠠᠨ ᠤ ᠬᠤᠰᠢᠭᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠤᠷᠤᠯᠳᠤᠭᠠᠨ︾ ᠡᠷᠭᠢᠯᠡᠪᠡ
ᠨᠡᠶᠢᠲᠡᠯᠡᠭᠰᠡᠨ ᠴᠠᠭ᠄
2021/12/16
 
  ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠪᠥᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠨ ᠠᠵᠢᠯ  ᠤᠨ ᠳᠣᠷᠠᠰᠢᠯ᠂ ᠠᠵᠢᠯ  ᠤᠨ ᠣᠷᠮ᠎ᠠ  ᠂ ᠠᠵᠢᠯ  ᠬᠢᠬᠦ ᠡᠷᠴᠢ ᠵᠣᠷᠢᠭ ᠢ ᠤᠯᠠᠮ ᠭᠦᠭᠵᠢᠭᠦᠯᠬᠦ  ᠶᠢᠨ ᠲᠥᠯᠥᠭᠡ᠂ 12 ᠰᠠᠷ᠎ᠠ ᠶᠢᠨ 8 ᠤ ᠡᠳᠦᠷ᠂ ᠮᠠᠨ ᠤ ᠬᠤᠰᠢᠭᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ ᠣᠷᠣᠯᠳᠣᠭᠠᠨ︾ ᠡᠷᠭᠢᠯᠡᠵᠦ᠂ ᠬᠤᠰᠢᠭᠤᠨ ᠤᠳᠤᠷᠢᠳᠤᠯᠭ᠎ᠠ ᠷᠧᠨ ᠰᠢ᠂ ᠬᠠᠨ ᠶᠢᠩ᠂ ᠯᠢ ᠽᠦᠩ ᠮᠢᠩ᠂ ᠸᠠᠩ ᠶᠠᠨ ᠪᠥᠸᠧ᠂ ᠯᠢ ᠴᠤᠤ ᠬᠤᠶ ᠠᠵᠢᠯᠯᠠᠭ᠎ᠠ ᠳᠤ ᠣᠷᠣᠯᠴᠠᠪᠠ᠃
     ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠪᠡᠯᠡᠳᠬᠡᠯ ᠤᠷᠤᠯᠳᠤᠭᠠᠨ ᠢᠶᠠᠷ ᠳᠡᠮᠵᠢᠨ ᠴᠣᠯᠭᠤᠷᠠᠨ ᠭᠠᠷᠤᠭᠰᠠᠨ 29 ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ︽ᠤᠷᠤᠯᠳᠤᠭᠠᠨ︾  ᠢᠶᠠᠷ ᠳᠠᠮᠵᠢᠵᠤ ᠥᠷᠢᠰᠥᠯᠳᠦᠨ ᠭᠠᠷᠴᠤ᠂ ᠣᠯᠠᠨ ᠢᠶᠠᠷ ᠢᠶᠠᠨ ᠴᠤᠭ ᠵᠢᠪᠬᠤᠭ᠎ᠠ ᠲᠡᠭᠦᠯᠳᠡᠷ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ︽ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠠᠭᠠᠬᠢᠵᠤ ᠠᠵᠢᠯᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠬᠢᠨ ᠬᠢᠬᠦ︾ ᠪᠠᠷ ᠭᠤᠤᠯ ᠰᠡᠳᠦᠪ ᠪᠣᠯᠭᠠᠵᠤ᠂ ᠲᠤᠬᠠᠶ ᠶᠢᠨ ᠲᠠᠯᠠᠪᠠᠶ ᠳᠤ ᠶᠠᠷᠢᠶ᠎ᠠ ᠲᠠᠯᠪᠢᠬᠤ ᠬᠡᠯᠪᠡᠷᠢ ᠪᠠᠷ ᠳᠠᠮᠵᠢᠭᠤᠯᠤᠨ᠂ ᠨᠢᠭᠡ ᠵᠢᠯ ᠤᠨ ᠲᠤᠷᠰᠢᠬᠢ ᠠᠵᠢᠯ ᠤᠨ ᠬᠢᠯᠠᠰ ᠴᠡᠭ ᠪᠠ ᠠᠮᠵᠢᠯᠲᠠ ᠪᠦᠲᠦᠮᠵᠢ ᠶᠢ ᠢᠯᠡᠷᠡᠭᠦᠯᠬᠦ ᠶᠢᠨ ᠬᠠᠮᠲᠤ᠂ ᠳᠠᠷᠠᠭ᠎ᠠ ᠵᠢᠯ ᠤᠨ ᠭᠤᠤᠯᠳᠠᠯᠭ᠎ᠠ ᠲᠠᠢ ᠠᠵᠢᠯ ᠪᠠ ᠢᠷᠡᠭᠡᠳᠦᠶ ᠶᠢᠨ ᠲᠠᠪᠤᠨ ᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠠᠵᠢᠯᠯᠠᠭ᠎ᠠ ᠳᠤ ᠲᠥᠷᠥ ᠶᠢᠨ ᠪᠣᠳᠣᠯᠭ᠎ᠠ ᠣᠨᠣᠯ ᠤᠨ ᠲᠤᠬᠠᠶ ᠶᠢᠨ ᠲᠠᠯᠠᠪᠠᠶ ᠶᠢᠨ ᠠᠰᠠᠭᠤᠯᠲᠠ ᠲᠣᠬᠢᠷᠠᠭᠤᠯᠵᠤ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠥᠪᠡᠷ ᠥᠪᠡᠷ ᠤᠨ ᠰᠠᠨᠠᠯ ᠢᠶᠠᠨ ᠶᠠᠷᠢᠵᠤ᠂ ᠡᠮᠬᠢ ᠵᠢᠷᠤᠮ ᠲᠠᠢ ᠵᠠᠳᠠᠯᠵᠤ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠺᠠᠳ᠋ᠷ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃       ᠥᠷᠢᠰᠥᠯᠳᠦᠭᠡᠨ ᠢᠶᠠᠷ ᠳᠠᠮᠵᠢᠭᠠᠳ᠂ ᠯᠢᠨᠳᠦ᠋ᠩ ᠪᠠᠯᠭᠠᠰᠤᠨ ᠤ ᠬᠤᠶᠢᠲᠤ ᠰᠢᠩ ᠯᠦᠩ ᠳ᠋ᠢ ᠲᠣᠰᠬᠤᠨ ᠤ ᠨᠠᠮ ᠤᠨ ᠡᠭᠦᠷ ᠤᠨ ᠱᠦᠵᠢ ᠲᠤᠤ ᡁᠢ ᠹᠦ᠋ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠲᠦᠷᠦᠭᠦᠦ 20 ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠳᠤ ᠦᠨᠡᠮᠯᠡᠯ ᠣᠯᠭᠤᠵᠤ ᠬᠥᠬᠢᠭᠦᠯᠦᠨ ᠰᠠᠶᠢᠰᠢᠶᠠᠬᠤ ᠶᠢᠨ ᠬᠠᠮᠲᠤ ᠲᠦᠷᠦᠭᠦᠦ 20 ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠠᠶᠢᠭ᠎ᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ 2 ᠲᠦᠮᠡᠨ ᠲᠥᠭᠦᠷᠢᠭ ᠤᠨ ᠨᠠᠮ ᠤᠨ ᠭᠡᠰᠢᠭᠦᠨ ᠤ ᠠᠵᠢᠯᠯᠠᠭᠠᠨ ᠤ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠮᠥᠩᠭᠦ ᠣᠯᠭᠤᠪᠠ᠃
    ᠬᠤᠰᠢᠭᠤᠨ ᠤ ᠨᠠᠮ ᠤᠨ ᠬᠤᠷᠢᠶᠠᠨ ᠤ ︽ᠳᠡᠯᠭᠡᠨ ᠦᠵᠡᠭᠦᠯᠬᠦ︾᠂ ᠨᠠᠮ ᠤᠨ ᠡᠭᠦᠷ ᠤᠨ ᠱᠦᠵᠢ ᠶᠢᠨ ︽ᠣᠷᠣᠯᠳᠣᠭᠠᠨ︾ ᠢᠶᠠᠷ ᠳᠠᠮᠵᠢᠭᠤᠯᠤᠨ᠂ ᠭᠠᠴᠠᠭ᠎ᠠ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠡᠯᠡᠵᠦ ᠶᠠᠷᠢᠬᠤ ᠳᠠᠭᠠᠨ ᠴᠢᠳᠠᠮᠠᠭᠠᠶ᠂ ᠠᠵᠢᠯ ᠬᠢᠵᠦ  ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠤ ᠬᠠᠮᠲᠤ ᠪᠠᠰᠠ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ  ᠦᠢᠯᠡᠳᠦᠯ ᠢ  ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠡᠷᠢᠭᠦᠨ ᠤ ᠬᠢ ᠠᠴᠠ ᠰᠤᠷᠤᠯᠴᠠᠵᠤ᠂ ᠬᠤᠰᠢᠭᠤᠴᠢ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ︽ᠬᠥᠳᠡᠯᠭᠡᠭᠦᠷ︾ ᠤᠨ ᠦᠢᠯᠡᠳᠦᠯ  ᠦᠵᠡᠭᠦᠯᠪᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号