ᠪᠠᠭᠠᠷᠢᠨ ᠵᠡᠭᠦᠨ ᠬᠤᠰᠢᠭᠤᠨ ᠤ 2021 ᠣᠨ ᠤ 12 ᠳ᠋ᠤᠭᠠᠷ ᠰᠠᠷ᠎ᠠ ᠳᠤ ᠠᠵᠤ ᠠᠬᠤᠶᠢᠯᠠᠯ ᠤᠨ ︽ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ︾ ᠪᠠᠷ ᠮᠡᠳᠡᠭᠦᠯᠦᠭᠰᠡᠨ ᠢ ᠬᠢᠨᠠᠨ ᠬᠠᠷᠭᠤᠭᠤᠯᠤᠭᠰᠠᠨ ᠪᠠᠶᠢᠳᠠᠯ  ᠤᠨ ᠢᠯᠡ ᠵᠠᠷᠯᠠᠯ
ᠨᠡᠶᠢᠲᠡᠯᠡᠭᠰᠡᠨ ᠴᠠᠭ᠄
2021/12/21
 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠪᠠ ᠴᠡᠷᠢᠭ ᠤᠨ ᠲᠣᠭᠤᠷᠢᠭ ᠤᠨ ᠳᠠᠶᠢᠴᠢᠯᠠᠯᠲᠠ ᠶᠢᠨ ᠲᠣᠪᠴᠢᠶ᠎ᠠ ᠶᠢᠨ ︵ᠥᠪᠥᠷ ᠬᠥᠮᠦᠨ ᠨᠡᠶᠢᠭᠡᠮ ᠲᠠᠷᠬᠠᠭᠠᠭᠰᠠᠨ [ 2021 ] 9 ᠳ᠋ᠤᠭᠡᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠢ ᠦᠨᠳᠦᠰᠦᠯᠡᠨ᠂ ᠪᠠᠭᠠᠷᠢᠨ ᠵᠡᠭᠦᠨ ᠬᠤᠰᠢᠭᠤᠨ ᠤ ᠠᠵᠢᠯ ᠣᠯᠭᠤᠬᠤ  ᠦᠢᠯᠡᠴᠢᠯᠡᠭᠡᠨ ᠤ ᠲᠥᠪ ᠨᠢ  2021 ᠣᠨ ᠤ 12 ᠳ᠋ᠤᠭᠠᠷ ᠰᠠᠷ᠎ᠠ ᠳᠤ ᠠᠵᠤ ᠠᠬᠤᠶᠢᠯᠠᠯ ᠤᠨ ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ ᠭᠤᠶᠤᠴᠢᠯᠠᠯ ᠤᠨ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠵᠦ᠂ ᠮᠠᠨ ᠤ ᠲᠣᠪᠴᠢᠶ᠎ᠠ ᠠᠴᠠ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠲᠤᠰᠢᠶᠠᠭᠰᠠᠨ ᠠᠩᠬᠠᠨ ᠤ ᠬᠢᠨᠠᠯᠲᠠ ᠶᠢᠨ ᠮᠡᠳᠡᠭᠦᠯᠦᠯᠲᠡ ᠵᠢᠴᠢ ᠬᠠᠮᠢᠶ᠎ᠠ ᠪᠥᠬᠦᠶ ᠮᠠᠲ᠋ᠧᠷᠢᠶᠠᠯ ᠢ ᠳᠠᠬᠢᠨ ᠬᠢᠨᠠᠵᠤ᠂ ︽ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ︾ ᠪᠠᠷ ᠮᠡᠳᠡᠭᠦᠯᠦᠭᠰᠡᠨ 1 ᠠᠵᠤ ᠠᠬᠤᠶᠢᠯᠠᠯ ᠢ ᠮᠠᠭᠠᠳᠯᠠᠨ ᠲᠣᠭᠲᠠᠭᠠᠪᠠ᠃ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠨᠡᠶᠢᠭᠡᠮ ᠨᠡᠶᠢᠲᠡ ᠪᠠ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠬᠦ ᠶᠢᠨ ᠲᠤᠰᠠᠳᠠ᠂ ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ ᠪᠠᠷ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠠᠵᠢᠯ ᠢ ᠲᠥᠪ ᠭᠤᠤᠯᠴᠢ᠂ ᠢᠯᠡ ᠪᠠᠷ ᠥᠷᠨᠢᠭᠦᠯᠦᠨ᠎ᠡ᠃      ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ︵2021 ᠣᠨ ᠤ 12 ᠰᠠᠷ᠎ᠠ ᠶᠢᠨ 20 ᠤ ᠡᠳᠦᠷ ᠠᠴᠠ— 2021 ᠣᠨ ᠤ 12 ᠰᠠᠷ᠎ᠠ ᠶᠢᠨ 24 ᠤ ᠡᠳᠦᠷ ᠪᠣᠯᠲᠠᠯ᠎ᠠ︶  ᠃ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠵᠠᠷᠯᠠᠨ ᠨᠡᠶᠢᠲᠡᠯᠡᠭᠰᠡᠨ ᠠᠭᠤᠯᠭ᠎ᠠ ᠨᠢ ᠪᠣᠳᠠᠲᠤ ᠪᠠᠶᠢᠳᠠᠯ ᠲᠠᠢ ᠨᠡᠶᠢᠴᠡᠬᠦ ᠥᠬᠡᠶ ᠠᠵᠤ ᠠᠬᠤᠶᠢᠯᠠᠯ ᠪᠤᠶᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠬᠤᠯᠪᠣᠭᠳᠠᠯ ᠪᠥᠬᠦᠶ ᠪᠠᠶᠢᠳᠠᠯ ᠢ ᠲᠤᠰᠬᠠᠭᠠᠷᠠᠶ᠃      ᠪᠠᠶᠢᠭᠤᠯᠭ᠎ᠠ ᠶᠢᠨ ᠬᠠᠶ᠋ᠢᠭ᠄ ᠪᠠᠭᠠᠷᠢᠨ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠣᠮᠣ ᠠᠰᠠᠷ ᠤᠨ 412 ᠲᠠᠰᠤᠭ ᠃     ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠯᠴᠠᠬᠤ ᠬᠥᠮᠦᠨ᠄ ᠬᠠᠨ ᠬᠤᠩ ᠸᠧᠨ     ᠤᠲᠠᠰᠤ᠄ 0476—7884902                                   ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                                             2021 ᠣᠨ ᠤ 12 ᠳ᠋ᠤᠭᠠᠷ ᠰᠠᠷ᠎ᠠ ᠶᠢᠨ 20 ᠤ ᠡᠳᠦᠷ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号