ᠳᠤᠮᠳᠠᠳᠤ ᠤᠯᠤᠰ ᠤᠨ ᠪᠤ‌ᠵᠳᠤᠭᠡᠡ ᠪᠠᠶᠢᠭᠤᠯᠤᠯᠲᠠ ᠶᠢᠨ ᠪᠠᠩᠬᠢ ᠶᠢᠨ ᠪᠠᠭᠠᠷᠢᠨ ᠵᠡᠭᠦᠨ ᠬᠤᠰᠢᠭᠤᠨ ᠤ ᠰᠠᠯᠪᠤᠷᠢ ᠪᠠᠩᠬᠢ ᠶᠢᠨ ︽  ᠳᠠᠨ ᠢ ᠬᠠᠷᠠᠭᠠᠯᠵᠠᠬᠤ︾  ᠲᠤᠬᠠᠢ ᠵᠠᠷᠯᠠᠯ
ᠨᠡᠶᠢᠲᠡᠯᠡᠭᠰᠡᠨ ᠴᠠᠭ᠄
2021/12/21
ᠮᠠᠨ ᠤ ᠤᠯᠤᠰ ᠤᠨ ︽ᠲᠠᠯᠪᠢᠬᠤ ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠶᠢ ᠴᠤᠤᠷᠢᠶᠠᠳᠤᠨ ᠳᠠᠭᠠᠵᠤ᠂ ᠬᠤᠳᠠᠯᠳᠤᠭ᠎ᠠ ᠡᠵᠡᠩᠨᠡᠬᠦ ᠲᠥᠬᠦᠮ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠦᠭᠡᠮᠡᠯ ᠬᠠᠷᠠᠭᠠᠯᠵᠠᠯᠲᠤ ᠮᠥᠩᠭᠦᠨ  ᠭᠦᠢᠯᠡᠯᠭᠡ ᠶᠢ ᠨᠠᠩ ᠰᠠᠶᠢᠲᠤᠷ ᠦᠢᠯᠡᠳᠦᠯᠭᠡᠵᠢᠭᠦᠯᠵᠤ᠂ ᠪᠣᠳᠠᠲᠤ ᠴᠣᠭᠴᠠ ᠶᠢᠨ ᠠᠵᠤ ᠠᠬᠤᠶ ᠶᠢ ᠳᠡᠮᠵᠢᠵᠦ᠂ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠲᠣᠭᠠᠴᠢᠯᠠᠭᠰᠠᠨ ᠲᠤᠷᠰᠢᠯᠭ᠎ᠠ ᠶᠢᠨ ᠣᠶᠢᠯᠠᠭᠠᠭᠳᠠᠬᠤᠨ ᠶᠣᠰᠣᠭᠠᠷ᠂ ︽ᠲᠠᠨ ᠢ ᠬᠠᠷᠠᠭᠠᠯᠵᠠᠬᠤ︾ APP ᠶᠢ ᠢᠳᠡᠪᠬᠢᠲᠡᠶ ᠭᠠᠷᠭᠠᠵᠤ᠂ ᠵᠢᠵᠢᠭ ᠪᠢᠴᠢᠯ ᠠᠵᠤ ᠠᠬᠤᠶᠢᠯᠠᠯ ᠳᠤ  ᠦᠢᠯᠡᠴᠢᠯᠡᠬᠦ ᠴᠢᠳᠠᠪᠤᠷᠢ ᠣᠯᠭᠤᠪᠠ᠃     ᠳᠣᠰ ᠦᠢᠡ ᠨᠢ ᠮᠠᠨ ᠤ ᠬᠤᠰᠢᠭᠤᠨ ᠤ ᠮᠥᠩᠭᠦᠨ ᠭᠦᠶ᠋ᠯᠭᠡᠭᠡᠨ ᠤ  ᠦᠢᠯᠡᠴᠢᠯᠡᠭᠡ ᠳᠤ ᠴᠢᠬᠤᠯᠠ ᠠᠴᠢ ᠬᠤᠯᠪᠣᠭᠳᠠᠯ ᠲᠠᠢ᠂ ᠨᠠᠩ ᠣᠯᠠᠨ ᠵᠢᠵᠢᠭ ᠪᠢᠴᠢᠯ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠣᠨᠣᠪᠴᠢᠲᠠᠶ ᠪᠥᠭᠡᠳ ᠪᠦᠲᠦᠮᠵᠢᠲᠡᠶ ᠮᠥᠩᠭᠦᠨ  ᠭᠦᠢᠯᠡᠯᠭᠡᠨ ᠤ  ᠦᠢᠯᠡᠴᠢᠯᠡᠭᠡ ᠬᠠᠩᠭᠠᠵᠤ᠂ ᠬᠥᠭᠵᠢᠯᠲᠡ ᠳᠤ ᠨᠢ ᠬᠠᠨᠳᠤᠯᠭᠠᠲᠤ ᠴᠢᠨᠠᠷᠲᠠᠶ ᠮᠥᠩᠭᠦᠨ  ᠭᠦᠢᠯᠡᠯᠭᠡᠨ ᠤ ᠪᠠᠲᠤᠯᠠᠭ᠎ᠠ ᠬᠠᠩᠭᠠᠨ᠎ᠠ᠃ ︽ᠪᠥᠲᠥᠭᠡᠨ ᠪᠠᠶᠢᠭᠤᠯᠤᠯᠲᠠ ᠶᠢᠨ ᠪᠠᠩᠬᠢ ᠠᠰᠢᠭ ᠬᠦᠷᠲᠡᠭᠡᠵᠦ ᠲᠠᠨ ᠢ  ᠬᠠᠷᠠᠭᠠᠯᠵᠠᠬᠤ︾ ᠪᠣᠯ ᠵᠢᠵᠢᠭ ᠪᠢᠴᠢᠯ ᠠᠵᠤ ᠠᠬᠤᠶᠢᠯᠠᠯ ᠳᠤ ᠣᠶᠤᠨᠯᠢᠭ ᠭᠠᠷ ᠤᠲᠠᠰᠤᠨ ᠤ APP ᠶᠢ ᠲᠣᠭᠲᠠᠭᠠᠵᠤ ᠥᠭᠬᠦ ᠶᠢᠨ ᠲᠥᠯᠥᠭᠡ ᠶᠤᠮ᠂ ᠳᠠᠩᠰᠠᠯᠠᠭᠤᠯᠪᠠᠯ ᠳᠠᠷᠤᠶ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠠᠷᠢᠯᠢᠭ ᠣᠨᠣᠪᠴᠢᠲᠠᠶ ᠪᠠᠷ ᠲᠥᠰᠦᠭᠡᠯᠡᠨ ᠪᠤᠳᠤᠬᠤ᠂ ᠰᠦᠯᠵᠢᠶᠡᠨ ᠴᠡᠭ ᠲᠤ ᠤᠷᠢᠳᠴᠢᠯᠠᠨ ᠪᠣᠯᠵᠣᠵᠤ  ᠭᠦᠢᠴᠡᠳᠬᠡᠬᠦ᠂ ᠰᠢᠯᠵᠢᠮᠡᠯ ᠪᠠᠯᠠ ᠲᠣᠬᠢᠷᠠᠭᠤᠯᠭ᠎ᠠ ᠶᠢᠨ ᠠᠷᠭ᠎ᠠ ᠵᠠᠮ  ᠂ ᠬᠡᠵᠢᠶ᠎ᠡ ᠬᠠᠮᠢᠭ᠎ᠠ ᠴᠤ ᠭᠡᠰᠡᠨ ᠵᠢᠭᠡᠯᠡᠯᠭᠡ ᠲᠠᠯᠪᠢᠬᠤ ᠵᠡᠷᠭᠡ ᠪᠣᠯ ᠪᠠᠩᠬᠢ ᠶᠢᠨ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠡᠯᠭᠡᠨ ᠤ  ᠦᠢᠯᠡᠴᠢᠯᠡᠭᠡ ᠶᠢ ᠪᠠᠶᠢᠭᠤᠯᠬᠤ ᠶᠢᠨ ᠨᠢᠭᠡᠨ ᠴᠢᠬᠤᠯᠠ ᠶᠡᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ᠎ᠠ᠃      ᠲᠣᠰ APP ᠨᠢ ᠪᠠᠩᠬᠢ ᠶᠢᠨ ᠲᠠᠰ ᠤᠨ ᠠᠮᠤᠷ ᠲᠦᠪᠰᠢᠨ ᠤ ᠬᠡᠷᠡᠭᠯᠡᠭᠡᠨ ᠤ ᠲᠣᠭᠲᠠᠴᠠ ᠲᠠᠢ᠂ ᠲᠡᠷᠢᠭᠦᠨ ᠤ ᠠᠮᠢᠳᠤ ᠪᠣᠳᠠᠰ ᠤᠨ ᠭᠡᠷᠡᠴᠢᠯᠡᠯ᠂ ᠬᠥᠮᠦᠨ ᠤ ᠵᠢᠰᠦ ᠶᠢ ᠢᠯᠭᠠᠨ ᠲᠠᠨᠢᠬᠤ ᠮᠡᠷᠭᠡᠵᠢᠯ ᠢᠶᠠᠷ ᠬᠡᠷᠡᠭᠯᠡᠭᠴᠢ ᠶᠢᠨ ᠪᠡᠶ᠎ᠡ ᠬᠡᠮ ᠢ ᠢᠯᠭᠠᠨ ᠲᠠᠨᠢᠵᠤ᠂ ᠪᠠᠰᠠ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠡᠷᠬᠡ ᠣᠯᠭᠤᠬᠤ ᠴᠢᠳᠠᠮᠵᠢ ᠶᠢ ᠡᠭᠦᠳᠴᠦ᠂ ᠰᠦᠯᠵᠢᠶᠡᠨ ᠳᠡᠭᠡᠷ᠎ᠡ ᠬᠤᠪᠢ ᠣᠷᠣᠭᠤᠯᠤᠭᠴᠢᠳ ᠤᠨ ᠵᠥᠪᠯᠡᠯ ᠤᠨ ᠰᠢᠢᠳᠪᠦᠷᠢ ᠶᠢ ᠭᠠᠷᠭᠠᠵᠤ᠂ ᠪᠣᠳᠠᠲᠠᠶ ᠡᠵᠡᠮᠳᠡᠭᠴᠢ ᠳᠤ ᠡᠷᠬᠡ ᠣᠯᠭᠤᠨ ᠵᠢᠭᠡᠯᠡᠯᠭᠡ ᠠᠪᠤᠭᠤᠯᠵᠤ᠂ ᠠᠮᠤᠷ ᠲᠦᠪᠰᠢᠨ ᠪᠠ ᠲᠥᠬᠦᠮ ᠨᠥᠬᠦᠴᠡᠯ ᠢ ᠬᠠᠮᠲᠤ ᠳᠤᠨᠢ ᠬᠠᠷᠠᠭᠠᠯᠵᠠᠭᠤᠯᠪᠠ᠃ ︽ᠪᠥᠲᠥᠭᠡᠨ ᠪᠠᠶᠢᠭᠤᠯᠤᠯᠲᠠ ᠶᠢᠨ ᠪᠠᠩᠬᠢ ᠠᠰᠢᠭ ᠬᠦᠷᠲᠡᠭᠡᠵᠦ ᠲᠠᠨ ᠢ  ᠬᠠᠷᠠᠭᠠᠯᠵᠠᠬᠤ︾ ᠨᠢ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠲᠠᠯᠪᠢᠬᠤ ᠠᠴᠠ ᠡᠮᠦᠨ᠎ᠡ ᠠᠵᠤ ᠠᠬᠤᠶᠢᠯᠠᠯ ᠤᠨ ᠦᠨᠡᠨ ᠪᠣᠳᠠᠲᠠᠶ ᠵᠢᠭᠡᠯᠡᠵᠦ ᠪᠣᠯᠬᠤ ᠲᠤᠭ᠎ᠠ ᠬᠡᠮᠵᠢᠶ᠎ᠡ ᠶᠢᠨ ᠬᠡᠷᠡᠭᠴᠡᠭᠡ ᠶᠢ ᠣᠨᠣᠪᠴᠢᠲᠠᠶ ᠤᠷᠢᠳᠴᠢᠯᠠᠨ ᠮᠡᠳᠡᠬᠦ ᠶᠢᠨ ᠠᠷᠭ᠎ᠠ ᠥᠬᠡᠶ ᠪᠠᠶᠢᠬᠤ ᠠᠰᠠᠭᠤᠳᠠᠯ ᠢ ᠪᠦᠲᠦᠮᠵᠢᠲᠡᠶ  ᠰᠢᠥᠶᠢᠳᠪᠦᠷᠢᠯᠡᠵᠤ ᠴᠢᠳᠠᠨ᠎ᠠ᠃ ︽ᠵᠢᠭᠡᠯᠡᠯᠭᠡ ᠠᠷᠪᠢᠨ ᠪᠤᠶᠤ ᠵᠢᠭᠡᠯᠡᠯᠭᠡ ᠪᠠᠭ᠎ᠠ᠂ ᠪᠥᠲᠥᠭᠡᠨ ᠪᠠᠶᠢᠭᠤᠯᠤᠯᠲᠠ ᠶᠢᠨ ᠪᠠᠩᠬᠢ ᠲᠤᠭ᠎ᠠ ᠲᠠᠢ ᠪᠠᠶᠢᠬᠤ︾᠂ ︽ᠲᠠᠨ ᠤ ᠬᠡᠷᠡᠭᠴᠡᠭᠡ ᠶᠢ ᠣᠶᠢᠯᠠᠭᠠᠵᠤ᠂ ᠲᠠᠨ ᠤ ᠪᠤᠳᠤᠵᠤ ᠪᠠᠶᠢᠭ᠎ᠠ ᠵᠦᠢᠯ ᠢ ᠦᠨᠡᠨ ᠬᠦ ᠣᠶᠢᠯᠠᠭᠠᠬᠤ︾ ᠶᠢ ᠦᠨᠡᠨ ᠬᠦ ᠬᠡᠷᠡᠭᠯᠡᠭᠴᠢᠳ ᠲᠤ ᠣᠶᠢᠯᠠᠭᠠᠭᠤᠯᠵᠤ ᠴᠢᠳᠠᠨ᠎ᠠ᠃ ᠨᠠᠷᠢᠨ ᠪᠠᠶᠢᠳᠠᠯ ᠢ ᠲᠠᠨ  ᠤ ᠣᠷᠴᠢᠮ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠲᠤᠤᠷ ᠴᠡᠭ ᠲᠠᠢ ᠬᠠᠷᠢᠯᠴᠠᠭᠠᠷᠠᠶ᠃ ᠬᠡᠷᠡᠭᠯᠡᠭᠴᠢ ᠬᠤᠶᠠᠷ ᠬᠡᠮᠵᠢᠯᠳᠦ ᠺᠣᠳ᠋ ᠢ ᠰᠢᠷᠪᠢᠬᠦ ᠪᠤᠶᠤ ᠭᠠᠷ ᠤᠲᠠᠰᠤᠨ ᠤ ᠬᠡᠷᠡᠭᠯᠡᠭᠡᠨ ᠤ ᠳᠡᠯᠭᠡᠭᠦᠷ ᠲᠤ ᠰᠢᠭᠤᠳ ᠣᠷᠣᠵᠤ APP ᠶᠢ ᠪᠠᠭᠤᠯᠭᠠᠨ ᠠᠪᠴᠤ ᠪᠣᠯᠤᠨ᠎ᠠ᠄
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号