ᠪᠠᠭᠠᠷᠢᠨ ᠵᠡᠭᠦᠨ ᠬᠤᠰᠢᠭᠤᠨ ᠤ ᠹᠧᠩ ᠬᠤᠸᠠᠩ ᠱᠠᠨ ᠬᠦᠷᠢᠶᠡᠯᠡᠩ ᠲᠣᠭᠤᠷᠢᠭ ᠤᠨ ᠨᠢᠭᠡᠳᠦᠭᠡᠷ ᠵᠠᠮ ︵B ᠬᠡᠰᠡᠭ︶ ᠤᠨ ᠢᠨᠵᠧᠨᠧᠷᠢᠩ ᠤᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2021/12/22
         2021 —10—27          15᠄ 53 ᠢᠷᠡᠯᠲᠡ᠄ ᠬᠤᠰᠢᠭᠤᠨ ᠤ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ          1. ᠲᠥᠷᠥᠯ ᠵᠦᠢᠯ ᠤᠨ ᠨᠡᠷᠡᠶᠢᠳᠦᠯ᠄ ᠪᠠᠭᠠᠷᠢᠨ ᠵᠡᠭᠦᠨ ᠬᠤᠰᠢᠭᠤᠨ ᠤ ᠹᠧᠩ ᠬᠤᠸᠠᠩ ᠱᠠᠨ ᠲᠣᠭᠤᠷᠢᠭ ᠤᠨ ᠨᠢᠭᠡᠳᠦᠭᠡᠷ ᠵᠠᠮ ᠤᠨ ︵B ᠬᠡᠰᠡᠭ︶ ᠢᠨᠵᠧᠨᠧᠷᠢᠩ ᠤᠨ ᠲᠥᠷᠥᠯ  ᠵᠦᠢᠯ᠃          2 . ᠦᠨᠡᠯᠡᠨ ᠵᠢᠱᠢᠬᠦ ᠭᠤᠤᠯ ᠨᠢᠭᠡᠴᠡ᠄ ᠪᠠᠭᠠᠷᠢᠨ ᠵᠡᠭᠦᠨ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠃          3 . ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠪᠠᠭᠠᠷᠢᠨ ᠵᠡᠭᠦᠨ ᠬᠤᠰᠢᠭᠤᠨ ᠤ  ᠠᠵᠤ ᠦᠢᠯᠡᠳᠪᠦᠷᠢ  ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠃          4 . ᠪᠦᠲᠦᠭᠡᠨ ᠪᠠᠶᠢᠭᠤᠯᠤᠯᠲᠠ ᠶᠢᠨ ᠭᠠᠵᠠᠷ᠄ ᠪᠠᠭᠠᠷᠢᠨ ᠵᠡᠭᠦᠨ ᠬᠤᠰᠢᠭᠤᠨ ᠤ ᠹᠧᠩ ᠬᠤᠸᠠᠩ ᠱᠠᠨ ᠲᠣᠭᠤᠷᠢᠭ᠃        5 . ᠪᠦᠲᠦᠭᠡᠨ ᠪᠠᠶᠢᠭᠤᠯᠬᠤ ᠠᠭᠤᠯᠭ᠎ᠠ ᠬᠢᠭᠡᠳ ᠬᠡᠪᠴᠢᠶ᠎ᠡ᠄ ᠲᠤᠰ ᠲᠥᠷᠥᠯ ᠵᠦᠢᠯ ᠤᠨ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠨᠢ 12326 . 7 ᠲᠡᠭᠰᠢ ᠳᠥᠷᠪᠡᠯᠵᠢᠨ ᠮᠧᠲᠷ  ᠂ ᠪᠦᠲᠦᠭᠡᠨ ᠪᠠᠶᠢᠭᠤᠯᠬᠤ ᠠᠭᠤᠯᠭ᠎ᠠ ᠄ ᠰᠢᠨ᠎ᠡ ᠪᠠᠷ ᠪᠠᠶᠢᠭᠤᠯᠬᠤ ᠵᠠᠮ ᠤᠨ ᠪᠦᠬᠦ ᠤᠷᠲᠤ 807 . 39 ᠮᠧᠲᠷ᠂ ᠮᠠᠰᠢᠨ ᠤ ᠪᠤᠰᠤ ᠬᠤᠯᠢᠮᠠᠭ ᠵᠠᠮ ᠢᠶᠠᠷ ᠶᠠᠪᠤᠬᠤ ᠵᠠᠮ ᠤᠨ ᠲᠠᠯᠠᠪᠠᠶ 7961᠂ ᠰᠢᠨ᠎ᠡ ᠪᠠᠷ ᠪᠠᠶᠢᠭᠤᠯᠬᠤ ᠶᠠᠪᠠᠭᠠᠨ ᠬᠥᠮᠦᠨ ᠤ ᠵᠠᠮ ᠤᠨ ᠲᠠᠯᠠᠪᠠᠶ 5122᠂ ᠵᠠᠮ ᠤᠨ ᠮᠣᠳᠣ 269᠂ ᠵᠠᠮ ᠤᠨ ᠳ᠋᠊ ᠧᠩ 29 ᠰᠠᠭᠤᠷᠢ ᠪᠠᠶᠢᠵᠤ᠂ 20 KVa ᠬᠠᠶᠢᠷᠴᠠᠭ ᠢ ᠨᠢᠭᠡ ᠪᠣᠯᠭᠠᠨ ᠬᠤᠪᠢᠷᠠᠭᠤᠯᠵᠤ᠂ ᠪᠣᠷᠣᠭᠠᠨ ᠤ ᠤᠰᠤᠨ ᠤ ᠬᠤᠭᠤᠯᠠᠶ ᠶᠢᠨ ᠲᠣᠣᠷ ᠤᠨ ᠤᠷᠲᠤ 780  ᠺᠤᠸ᠋ᠲ ᠮᠧᠲᠷ᠂ ᠬᠤᠭᠤᠯᠠᠶ ᠶᠢᠨ ᠳ᠋ᠢᠶᠠᠮᠧᠲᠷ ᠤᠨ ᠬᠡᠪᠴᠢᠶ᠎ᠡ ᠨᠢ D 600 - D 800 ᠪᠠᠶᠢᠵᠤ᠂ ᠪᠣᠯᠣᠳ ᠪᠧᠲ ᠬᠤᠭᠤᠯᠠᠶ ᠶᠢ ᠬᠡᠷᠡᠭᠯᠡᠨ᠎ᠡ᠃         6 . ᠪᠥᠲᠥᠭᠡᠨ ᠪᠠᠶᠢᠭᠤᠯᠬᠤ ᠬᠤᠭᠤᠴᠠᠭ᠎ᠠ ᠶᠢᠨ ᠬᠢᠵᠠᠭᠠᠷ᠄ 2020 ᠣᠨ ᠤ 4 ᠰᠠᠷ᠎ᠠ —2021 ᠣᠨ ᠤ 12 ᠰᠠᠷ᠎ᠠ᠃         7 . ᠲᠥᠷᠦᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ᠄ ᠲᠥᠷᠦᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 730 ᠲᠦᠮᠡᠨ ᠲᠥᠭᠦᠷᠢᠭ᠃        8 . ᠪᠡᠯᠡ ᠮᠥᠩᠭᠦ ᠴᠤᠭᠯᠠᠭᠤᠯᠬᠤ᠄ ᠲᠥᠷᠥᠯ ᠵᠦᠢᠯ ᠤᠨ ᠪᠡᠯᠡ ᠮᠥᠩᠭᠦ ᠶᠢᠨ ᠢᠷᠡᠯᠲᠡ ᠶᠢ ᠣᠷᠣᠨ ᠨᠤᠲᠤᠭ ᠤᠨ ᠵᠠᠰᠠᠭ ᠤᠨ ᠣᠷᠳᠣᠨ ᠥᠪᠡᠰᠦᠪᠡᠨ ᠴᠤᠭᠯᠠᠭᠤᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠬᠡᠷᠡᠭᠵᠢᠭᠦᠯᠬᠦ ᠠᠷᠭ᠎ᠠ︾ ︵ᠥᠪᠥᠷ ᠨᠠᠮ ᠠᠯᠪᠠᠨ ᠲᠠᠷᠬᠠᠭᠠᠭᠰᠠᠨ 〔2021〕7 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠣᠯᠠᠨ ᠨᠡᠶᠢᠲᠡ ᠶᠢᠨ ᠰᠠᠨᠠᠯ ᠢ ᠥᠷᠭᠡᠨ ᠢᠶᠠᠷ  ᠬᠤᠷᠢᠶᠠᠶ᠎ᠠ ︵ᠢᠯᠡ ᠨᠡᠶᠢᠲᠡᠯᠡᠬᠦ ᠴᠠᠭ ᠨᠢ 15 ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠂ 2021 ᠣᠨ ᠤ 10 ᠳ᠋ᠤᠭᠠᠷ ᠰᠠᠷ᠎ᠠ ᠶᠢᠨ 3 ᠤ ᠡᠳᠦᠷ—  2021 ᠣᠨ ᠤ 10 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ︶᠃        1 . ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ ᠳᠤ ᠦᠵᠡᠭᠦᠯᠬᠦ ᠨᠥᠯᠥᠭᠡ︔        2 . ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠶᠠᠮᠠᠷ ᠣᠪᠣᠷ ᠲᠠᠢ ᠪᠣᠶ︔        3 . ᠲᠣᠰ ᠲᠥᠷᠥᠯ  ᠵᠦᠢᠯ ᠨᠢ ᠣᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ ᠡᠰᠡᠬᠦ ᠳᠤ ᠶᠠᠮᠠᠷ ᠱᠠᠭᠠᠷᠳᠠᠯᠭ᠎ᠠ ᠲᠠᠢ ᠪᠣᠶ︔        4 . ᠲᠣᠰ ᠲᠥᠷᠥᠯ ᠵᠦᠢᠯ ᠤᠨ ᠲᠤᠬᠠᠶ ᠰᠠᠨᠠᠯ ᠰᠠᠨᠠᠭᠤᠯᠭ᠎ᠠ᠃        ᠬᠡᠷᠪᠡ ᠨᠠᠷᠢᠨ ᠪᠠᠶᠢᠳᠠᠯ ᠪᠠ ᠬᠠᠷᠢᠭᠤ ᠲᠤᠰᠬᠠᠭᠰᠠᠨ ᠰᠠᠨᠠᠯ ᠢ ᠣᠶᠢᠯᠠᠭᠠᠶ᠎ᠠ ᠭᠡᠪᠡᠯ᠂ ᠳ᠋ᠢᠶᠠᠩᠬᠤᠸᠠ ᠶᠢᠨ ᠲᠠᠯ᠎ᠠ ᠪᠠᠷ ᠳᠤᠤᠷᠠᠬᠢ  ᠨᠢᠭᠡᠴᠡ ᠲᠠᠢ ᠬᠠᠷᠢᠯᠴᠠᠵᠤ ᠪᠣᠯᠤᠨ᠎ᠠ᠄        ᠨᠢᠭᠡᠴᠡ ᠶᠢᠨ ᠨᠡᠷᠡᠶᠢᠳᠦᠯ᠄ ᠥᠪᠥᠷ ᠮᠣᠩᠭᠤᠯ ᠤᠨ ᠪᠥᠸᠧ ᠰᠢᠶᠦ᠋ᠨ ᠢᠨᠵᠧᠨᠧᠷᠢᠩ ᠤᠨ ᠮᠡᠷᠭᠡᠵᠢᠯ ᠤᠨ ᠬᠢᠵᠠᠭᠠᠷᠲᠤ ᠺᠣᠮᠫᠠᠨᠢ         ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠶᠢᠨ ᠳ᠋ᠢ ᠬᠤᠳᠠᠯᠳᠤᠭᠠᠨ ᠤ ᠶᠠᠪᠤᠳᠠᠯ ᠤᠨ ᠲᠣᠮᠣ ᠠᠰᠠᠷ ᠤᠨ B ᠰᠠᠭᠤᠳᠠᠯ 445 ᠥᠷᠥᠭᠡ         ᠬᠠᠷᠢᠯᠴᠠᠬᠤ ᠬᠥᠮᠦᠨ᠄ ᠯᠸᠢ ᠬᠠᠶ ᠹᠧᠩ         ᠬᠠᠷᠢᠯᠴᠠᠬᠤ ᠤᠲᠠᠰᠤ᠄ 0476—8303201᠃  
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号