ᠲᠤᠪᠴᠢ ᠨᠠᠮᠳᠠᠷ᠄ | ᠵᠣᠣ ᠬᠤᠩ ᠲᠦ᠋᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 2 ᠰᠠᠷ᠎ᠠ ᠳᠤ ᠥᠪᠥᠷ | ᠮᠣᠩᠭᠤᠯ ᠤᠨ ᠪᠠᠭᠠᠷᠢᠨ ᠵᠡᠭᠦᠨ ᠬᠤᠰᠢᠭᠤᠨ ᠳᠤ ᠲᠦᠷᠦᠵᠠᠢ᠃ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ | ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ 1994 ᠣᠨ ᠤ 7 | ᠰᠠᠷ᠎ᠠ ᠳᠤ ᠠᠵᠢᠯ ᠤᠨ ᠭᠠᠷᠤᠭ᠎ᠠ ᠠᠪᠴᠤ᠂ 2001 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ | ᠨᠠᠮ ᠳᠤ ᠣᠷᠤᠪᠠ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ | ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ | ᠬᠤᠰᠢᠭᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃ | ᠮᠠᠯᠵᠢᠬᠤ ᠲᠠᠷᠢᠶᠠᠯᠠᠬᠤ ᠣᠷᠤᠨ ᠪᠣᠯᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠢ | ᠬᠠᠷᠢᠭᠤᠴᠠᠵᠤ᠂ ᠬᠤᠰᠢᠭᠤᠨ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠢ᠂ ᠣᠢ ᠰᠢᠭᠤᠢ ᠪᠠ ᠨᠤᠲᠤᠭ | ᠪᠡᠯᠴᠢᠭᠡᠷ᠂ ᠤᠰᠤᠨ ᠠᠰᠢᠭᠯᠠᠯᠲᠠ᠂ ᠵᠡᠭᠦᠨ ᠪᠠᠷᠠᠭᠤᠨ ᠣᠷᠤᠨ ᠤ ᠬᠠᠮᠵᠢᠯᠴᠠᠭ᠎ᠠ᠂ ᠲᠦᠪ ᠤᠨ ᠠᠵᠤ ᠠᠬᠤᠶᠢᠯᠠᠯ | ᠤᠨ ᠴᠡᠭ ᠲᠣᠭᠲᠠᠨ ᠬᠠᠪᠰᠤᠷᠤᠨ ᠳᠡᠳᠬᠦᠬᠦ ᠵᠢᠴᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠵᠡᠷᠭᠡ | ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠮᠠᠯᠵᠢᠯ | ᠲᠠᠷᠢᠶᠠᠯᠠᠩ ᠤᠨ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠲᠣᠪᠴᠢᠶ᠎ᠠ᠂ ᠬᠠᠩᠭᠠᠨ ᠪᠣᠷᠤᠯᠠᠭᠤᠯᠬᠤ ᠬᠤᠷᠰᠢᠶ᠎ᠠ᠂ ᠤᠯᠠᠭᠠᠨᠳᠠᠪᠠᠭ᠎ᠠ ᠤᠯᠤᠰ ᠤᠨ | ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠯᠤᠭᠠᠨ ᠲᠣᠭᠤᠭ᠎ᠠ | ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠦᠪ᠂ ᠽᠧ ᠾᠦᠢ ᠹᠦ᠋ | ᠮᠢᠨ ᠠᠵᠤ ᠦᠢᠯᠡᠰ ᠤᠨ ᠬᠦᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠭᠢᠳᠠᠨ ᠰᠢᠮᠡᠲᠦ | ᠪᠦᠲᠦᠭᠡᠭᠳᠡᠬᠦᠨ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠲᠡ ᠶᠢᠨ ᠬᠢᠵᠠᠭᠠᠷᠲᠤ ᠺᠤᠮᠫᠠᠨᠢ ᠶᠢ ᠬᠠᠮᠢᠶᠠᠷᠤᠨ᠎ᠠ᠃ | ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠣᠰᠤᠳ ᠠᠵᠢᠯ ᠢ ᠭᠦᠢᠴᠡᠳᠬᠡᠨ᠎ᠡ᠃ | | |