ᠯᠢ ᠽᠦᠩ ᠮᠢᠩ
ᠨᠡᠶᠢᠲᠡᠯᠡᠭᠰᠡᠨ ᠴᠠᠭ᠄
2021/12/28
      ᠲᠤᠪᠴᠢ ᠨᠠᠮᠳᠠᠷ᠄       ᠯᠢ ᠽᠦᠩ ᠮᠢᠩ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 5 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠰᠢᠭᠲᠡᠨ ᠬᠤᠰᠢᠭᠤᠨ ᠳᠤ ᠲᠦᠷᠦᠵᠡᠢ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠠᠵᠤ ᠠᠬᠤᠢ ᠶᠢᠨ ᠤᠬᠠᠭᠠᠨ ᠤ ᠮᠠᠰᠲ᠋ᠧᠷ᠂ 1997 ᠣᠨ ᠤ 8 ᠰᠠᠷ᠎ᠠ ᠳᠤ ᠠᠵᠢᠯ ᠳᠤ ᠣᠷᠣᠵᠤ᠂ 1995 ᠣᠨ ᠤ 11 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠤᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃       1993 ᠣᠨ ᠤ 9 ᠰᠠᠷ᠎ᠠ — 1997 ᠣᠨ ᠤ 7 ᠰᠠᠷ᠎ᠠ ᠪᠤᠯᠳᠠᠯ᠎ᠠ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠲᠤᠰᠬᠠᠢ ᠮᠡᠷᠭᠡᠵᠢᠯ ᠳᠤ ᠰᠤᠷᠤᠯᠴᠠᠪᠠ︔       1997 ᠣᠨ ᠤ 7 ᠰᠠᠷ᠎ᠠ — 1997 ᠣᠨ ᠤ 8 ᠰᠠᠷ᠎ᠠ ᠪᠤᠯᠳᠠᠯ᠎ᠠ ᠠᠵᠢᠯ ᠬᠦᠯᠢᠶᠡᠪᠡ︔       1997 ᠣᠨ ᠤ 8 ᠰᠠᠷ᠎ᠠ — 2001 ᠣᠨ ᠤ 5 ᠰᠠᠷ᠎ᠠ ᠪᠤᠯᠳᠠᠯ᠎ᠠ ᠥᠪᠥᠷ ᠮᠣᠩᠭᠤᠯ ᠤᠨ ᠶᠤᠸᠠᠨ ᠪᠦᠦ ᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠳᠣᠪᠴᠢᠶ᠎ᠠ ᠳᠤ ᠠᠵᠢᠯᠯᠠᠪᠠ︔       2001 ᠣᠨ ᠤ 5 ᠰᠠᠷ᠎ᠠ — 2001 ᠣᠨ ᠤ 11 ᠰᠠᠷ᠎ᠠ ᠪᠤᠯᠳᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠠᠵᠢᠯᠯᠠᠪᠠ︔       2001 ᠣᠨ ᠤ 11 ᠰᠠᠷ᠎ᠠ — 2004 ᠣᠨ ᠤ 1 ᠰᠠᠷ᠎ᠠ ᠪᠤᠯᠳᠠᠯ᠎ᠠ ᠥᠪᠥᠷ ᠮᠣᠩᠭᠤᠯ ᠤᠨ ᠶᠤᠸᠠᠨ ᠪᠦᠦ ᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠳᠣᠪᠴᠢᠶ᠎ᠠ ᠳᠤ ᠠᠵᠢᠯᠯᠠᠪᠠ︔       2004 ᠣᠨ ᠤ 1 ᠰᠠᠷ᠎ᠠ — 2006 ᠣᠨ ᠤ 10 ᠰᠠᠷ᠎ᠠ ᠪᠤᠯᠳᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠠᠵᠢᠯᠳᠠᠨ ︵ᠡᠨᠡ ᠬᠤᠭᠤᠴᠠᠭᠠᠨ ᠳᠤ᠄ 2005 ᠣᠨ ᠤ 10 ᠰᠠᠷ᠎ᠠ — 2006 ᠣᠨ ᠤ 10 ᠰᠠᠷ᠎ᠠ ᠪᠤᠯᠳᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠵᠢᠭᠡᠯᠡᠭᠳᠡᠨ ᠠᠵᠢᠯᠯᠠᠪᠠ︶︔       2006 ᠣᠨ ᠤ 10 ᠰᠠᠷ᠎ᠠ — 2007 ᠣᠨ ᠤ 8 ᠰᠠᠷ᠎ᠠ ᠪᠤᠯᠳᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠬᠤᠶᠠᠳᠤᠭᠠᠷ ᠰᠠᠯᠠᠭᠠᠨ ᠤ ᠠᠵᠢᠯᠳᠠᠨ︔       2007 ᠣᠨ ᠤ 8 ᠰᠠᠷ᠎ᠠ — 2009 ᠣᠨ ᠤ 4 ᠰᠠᠷ᠎ᠠ ᠪᠤᠯᠳᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠰᠢᠭᠤ ᠰᠢᠶᠠᠨ ᠤ ᠺᠠᠳ᠋ᠷ ᠤᠨ ᠰᠠᠯᠠᠭᠠᠨ ᠤ ᠭᠡᠰᠢᠭᠦᠨ︔       2009 ᠣᠨ ᠤ 4 ᠰᠠᠷ᠎ᠠ — 2010 ᠣᠨ ᠤ 2 ᠰᠠᠷ᠎ᠠ ᠪᠤᠯᠳᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠰᠢᠭᠤ ᠰᠢᠶᠠᠨ ᠤ ᠺᠠᠳ᠋ᠷ ᠤᠨ ᠰᠠᠯᠠᠭᠠᠨ ᠤ ᠳᠡᠳ᠋ ᠡᠷᠬᠢᠯᠡᠭᠴᠢ︔       2010 ᠣᠨ ᠤ 2 ᠰᠠᠷ᠎ᠠ — 2015 ᠣᠨ ᠤ 3 ᠰᠠᠷ᠎ᠠ ᠪᠤᠯᠳᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠠᠯᠠᠭᠠᠨ ᠲᠡᠰ ᠤᠨ ᠵᠣᠬᠢᠶᠠᠨ ᠪᠠᠶᠢᠭᠤᠯᠬᠤ ᠭᠡᠰᠢᠭᠦᠨ᠂ ᠨᠢᠭᠡᠳᠦᠭᠡᠷ ᠰᠠᠯᠠᠭᠠᠨ ᠤ ᠳᠡᠳ᠋ ᠳᠠᠷᠤᠭ᠎ᠠ ︔       2015 ᠣᠨ ᠤ 3 ᠰᠠᠷ᠎ᠠ — 2016 ᠣᠨ ᠤ 1 ᠰᠠᠷ᠎ᠠ ᠪᠤᠯᠳᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠠᠯᠠᠭᠠᠨ ᠲᠡᠰ ᠤᠨ ᠵᠣᠬᠢᠶᠠᠨ ᠪᠠᠶᠢᠭᠤᠯᠬᠤ ᠭᠡᠰᠢᠭᠦᠨ᠂ ᠵᠣᠬᠢᠶᠠᠨ ᠪᠠᠶᠢᠭᠤᠯᠬᠤ ᠭᠤᠷᠪᠠᠳᠤᠭᠠᠷ ᠰᠠᠯᠠᠭᠠᠨ ᠤ ᠳᠡᠳ᠋ ᠳᠠᠷᠤᠭ᠎ᠠ︔       2016 ᠣᠨ ᠤ 1 ᠰᠠᠷ᠎ᠠ — 2018 ᠣᠨ ᠤ 1 ᠰᠠᠷ᠎ᠠ ᠪᠤᠯᠳᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠨᠢᠭᠡᠳᠦᠭᠡᠷ ᠰᠠᠯᠠᠭᠠᠨ ᠤ ᠳᠠᠷᠤᠭ᠎ᠠ︔       2018 ᠣᠨ ᠤ 1 ᠰᠠᠷ᠎ᠠ — 2019 ᠣᠨ ᠤ 12 ᠰᠠᠷ᠎ᠠ ᠪᠤᠯᠳᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠳᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠠᠯᠠᠭᠤ ᠺᠠᠳ᠋ᠷ ᠤᠨ ᠰᠠᠯᠠᠭᠠᠨ ᠤ ᠳᠠᠷᠤᠭ᠎ᠠ︔       2019 ᠣᠨ ᠤ 12 ᠰᠠᠷ᠎ᠠ — 2020 ᠣᠨ ᠤ 4 ᠰᠠᠷ᠎ᠠ ᠪᠤᠯᠳᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠰᠠᠯᠠᠭᠠᠨ ᠤ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ︔       2020 ᠣᠨ ᠤ 4 ᠰᠠᠷ᠎ᠠ — 2021 ᠣᠨ ᠤ 7 ᠰᠠᠷ᠎ᠠ ᠪᠤᠯᠳᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠠᠭᠠᠨᠬᠠᠳᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ︔       2021 ᠣᠨ ᠤ 7 ᠰᠠᠷ᠎ᠠ — ᠣᠳᠣ ᠪᠣᠯᠳᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠃       ᠠᠵᠢᠯ ᠤᠨ ᠬᠤᠪᠢᠶᠠᠷᠢᠯᠠᠯ᠄ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠵᠣᠬᠢᠶᠠᠨ ᠪᠠᠶᠢᠭᠤᠯᠤᠯᠳᠠ᠂ ᠺᠠᠳ᠋ᠷ᠂ ᠣᠷᠣᠨ ᠲᠤᠭ᠎ᠠ᠂ ᠴᠢᠳᠠᠪᠤᠷᠢᠲᠠᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠬᠤᠰᠢᠭᠤᠨ ᠤ ᠨᠠᠮ ᠤᠨ ᠪᠠᠶᠢᠭᠤᠯᠤᠯᠲᠠ ᠪᠠ ᠴᠢᠳᠠᠪᠤᠷᠢᠲᠠᠨ ᠤ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠤᠨ᠎ᠠ᠃       ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号