ᠲᠤᠪᠴᠢ ᠨᠠᠮᠳᠠᠷ᠄ | ᠰᠦᠨ ᠶᠠᠨ ᠵᠢᠶᠧ᠂ ᠡᠷᠡᠭᠲᠡᠢ᠂ ᠮᠣᠩᠭᠤᠯ ᠦᠨᠳᠦᠰᠦᠲᠡᠨ᠂ 1977 ᠣᠨ ᠤ 8 ᠰᠠᠷ᠎ᠠ ᠳᠤ ᠥᠪᠥᠷ | ᠮᠣᠩᠭᠤᠯ ᠤᠨ ᠪᠠᠭᠠᠷᠢᠨ ᠵᠡᠭᠦᠨ ᠬᠤᠰᠢᠭᠤᠨ ᠳᠤ ᠲᠦᠷᠦᠵᠠᠢ᠃ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ 1997 ᠣᠨ ᠤ 8 | ᠰᠠᠷ᠎ᠠ ᠳᠤ ᠠᠵᠢᠯ ᠤᠨ ᠭᠠᠷᠤᠭ᠎ᠠ ᠠᠪᠴᠤ᠂ 1999 ᠣᠨ ᠤ 11 ᠰᠠᠷ᠎ᠠ ᠳᠤ ᠡᠪ ᠬᠠᠮᠲᠤ ᠨᠠᠮ ᠳᠤ ᠣᠷᠤᠪᠠ᠃ | ᠣᠳᠣ ᠪᠠᠭᠠᠷᠢᠨ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ | ᠶᠢᠨ ᠵᠦᠪᠯᠡᠯ ᠤᠨ ᠱᠦᠵᠢ ᠶᠢᠨ ᠲᠤᠰᠢᠶᠠᠯ ᠢ ᠡᠭᠦᠷᠭᠡᠯᠡᠵᠦ ᠪᠣᠢ᠃ | ᠠᠵᠢᠯ ᠤᠨ ᠬᠤᠪᠢᠶᠠᠷᠢ᠄ ᠷᠧᠨ ᠰᠢ ᠨᠦᠬᠦᠷ ᠢ ᠬᠠᠮᠵᠢᠨ ᠨᠠᠮ ᠤᠨ ᠪᠠᠶᠢᠭᠤᠯᠤᠯᠲᠠ ᠶᠢᠨ ᠠᠵᠢᠯ ᠢ | ᠠᠳᠬᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ᠂ ᠤᠯᠤᠰ | ᠤᠨ ᠠᠮᠤᠷ ᠲᠦᠪᠰᠢᠨ ᠢ ᠬᠠᠮᠠᠭᠠᠯᠠᠬᠤ ᠠᠯᠪᠠᠨ ᠭᠡᠷ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠂ ᠬᠤᠰᠢᠭᠤᠨ ᠤ ᠨᠠᠮ | ᠤᠨ ᠬᠤᠷᠢᠶ᠎ᠠ ᠶᠢᠨ ᠱᠦᠵᠢ ᠶᠢᠨ ᠨᠠᠶᠢᠳᠠᠯᠭ᠎ᠠ ᠪᠠᠷ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠣᠯᠠᠨ ᠲᠦᠮᠡᠨᠴᠢ | ᠪᠦᠯᠬᠦᠮ ᠨᠡᠶᠢᠲᠡ ᠶᠢᠨ ᠵᠣᠬᠢᠶᠠᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠤᠨ᠂ ᠬᠠᠤᠯᠢ ᠪᠠᠷ ᠬᠤᠰᠢᠭᠤ ᠪᠠᠨ | ᠵᠠᠰᠠᠬᠤ᠂ ᠤᠯᠤᠰ ᠲᠦᠷᠦ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠯ᠂ ᠲᠣᠭᠲᠠᠭᠤᠨ ᠢ ᠬᠠᠮᠠᠭᠠᠯᠠᠬᠤ᠂ ᠰᠤᠷᠭᠠᠨ | ᠬᠦᠮᠦᠵᠢᠯ᠂ ᠭᠠᠳᠠᠭᠠᠳᠤ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠠᠵᠢᠯᠴᠢᠨ ᠤ | ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠲᠤ | ᠬᠤᠷᠠᠯ᠂ ᠬᠤᠰᠢᠭᠤᠨ ᠤ ᠵᠡᠮᠳᠡᠭᠴᠦᠳ ᠤᠨ ᠬᠤᠯᠪᠤᠭ᠎ᠠ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠶᠢ ᠬᠠᠮᠢᠶᠠᠷᠤᠨ᠎ᠠ᠃ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠦᠷᠦ ᠶᠢᠨ | ᠵᠦᠪᠯᠡᠯᠭᠡᠨ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤᠨ ᠤ ᠰᠢᠭᠦᠬᠦ ᠬᠤᠷᠢᠶ᠎ᠠ᠂ | ᠬᠤᠰᠢᠭᠤᠨ ᠤ ᠪᠠᠶᠢᠴᠠᠭᠠᠬᠤ ᠬᠤᠷᠢᠶ᠎ᠠ ᠲᠠᠢ ᠬᠠᠷᠢᠯᠴᠠᠨ᠎ᠠ᠃ | | |