ᠰᠠᠶᠢᠨᠪᠠᠶᠠᠷ
ᠨᠡᠶᠢᠲᠡᠯᠡᠭᠰᠡᠨ ᠴᠠᠭ᠄
2021/12/28
      ᠳᠣᠪᠴᠢ ᠨᠠᠮᠳᠠᠷ  ᠄       ᠰᠠᠶᠢᠨᠪᠠᠶᠠᠷ᠂ ᠡᠷᠡᠭᠲᠡᠢ᠂ ᠮᠣᠩᠭᠤᠯ ᠦᠨᠳᠦᠰᠦᠲᠡᠨ᠂ 1978 ᠣᠨ ᠤ 11 ᠰᠠᠷ᠎ᠠ ᠳᠤ ᠥᠪᠥᠷ ᠮᠣᠩᠭᠤᠯ  ᠤᠨ ᠪᠠᠭᠠᠷᠢᠨ ᠵᠡᠭᠦᠨ ᠬᠤᠰᠢᠭᠤᠨ ᠳᠤ ᠲᠦᠷᠦᠵᠠᠢ᠃ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ ᠲᠡᠭᠦᠰᠪᠡ᠂ ᠡᠪ ᠬᠠᠮᠲᠤ ᠨᠠᠮ ᠤᠨ ᠭᠡᠰᠢᠭᠦᠨ᠃ 1998 ᠣᠨ ᠤ 8 ᠰᠠᠷ᠎ᠠ ᠳᠤ ᠠᠵᠢᠯ ᠤᠨ ᠭᠠᠷᠤᠭ᠎ᠠ ᠠᠪᠴᠤ᠂ 2000 ᠣᠨ ᠤ 9 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠤᠪᠠ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃       ᠠᠵᠢᠯ ᠤᠨ ᠬᠤᠪᠢᠶᠠᠷᠢ᠄ ᠰᠤᠶᠤᠯ ᠰᠤᠷᠭᠠᠨ ᠬᠦᠮᠦᠵᠢᠯ ᠪᠣᠯᠤᠨ ᠵᠢᠭᠤᠯᠴᠢᠯᠠᠯ ᠤᠨ ᠠᠵᠤ ᠦᠢᠯᠡᠰ ᠤᠨ ᠠᠵᠢᠯ ᠢ ᠬᠠᠷᠢᠭᠤᠴᠠᠨ᠎ᠠ᠃ ᠬᠤᠰᠢᠭᠤᠨ ᠳᠠᠷᠤᠭ᠎ᠠ ᠶᠢ ᠬᠠᠮᠵᠢᠨ᠂ ᠰᠤᠷᠭᠠᠨ ᠬᠦᠮᠦᠵᠢᠯ᠂ ᠰᠤᠶᠤᠯ ᠵᠢᠭᠤᠯᠴᠢᠯᠠᠯ᠂ ᠪᠡᠶ᠎ᠡ ᠶᠢᠨ ᠲᠠᠮᠢᠷ᠂ ᠦᠨᠳᠦᠰᠦᠲᠡᠨ ᠤ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶ᠎ᠠ᠂ ᠰᠤᠶᠤᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠥᠬᠡ ᠶᠢᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ︶᠂ ᠰᠤᠶᠤᠯ ᠵᠢᠭᠤᠯᠴᠢᠯᠠᠯ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠭᠢᠳᠠᠨ ᠰᠤᠶᠤᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠵᠦᠪᠯᠡᠯ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠦᠪᠯᠡᠯ︶ ᠯᠢᠶᠤᠤ ᠶᠦᠨ ᠳ᠋ᠠᠨ ᠹᠧᠩ ᠰᠤᠶᠤᠯ ᠵᠢᠭᠤᠯᠴᠢᠯᠠᠯ ᠤᠨ ᠪᠡᠯᠡ ᠣᠷᠤᠭᠤᠯᠤᠯᠲᠠ ᠶᠢᠨ ᠬᠢᠵᠠᠭᠠᠷᠲᠤ ᠺᠤᠮᠫᠠᠨᠢ ᠶᠢ ᠬᠠᠮᠢᠶᠠᠷᠤᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠣᠰᠤᠳ ᠠᠵᠢᠯ ᠢ ᠭᠦᠢᠴᠡᠳᠬᠡᠨ᠎ᠡ᠃       ᠬᠤᠰᠢᠭᠤᠨ ᠤ ᠬᠠᠮ ᠵᠠᠭᠤᠴᠢᠯᠠᠭᠤᠷ ᠤᠨ ᠲᠦᠪ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠠᠭᠠᠷᠢᠨ ᠵᠡᠭᠦᠨ ᠬᠤᠰᠢᠭᠤᠨ ᠤ ᠬᠤᠷᠢᠶ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ᠂ ᠰᠢᠨᠬᠤᠸᠠ ᠨᠣᠮ ᠤᠨ ᠳᠡᠯᠭᠡᠭᠦᠷ᠂ 803 ᠳᠠᠮᠵᠢᠭᠤᠯᠤᠨ ᠨᠡᠪᠲᠡᠷᠡᠭᠦᠯᠬᠦ ᠦᠷᠲᠡᠭᠡ᠂ 739 ᠦᠷᠲᠡᠭᠡ᠂ ᠥᠪᠥᠷ ᠮᠣᠩᠭᠤᠯ ᠤᠨ ᠷᠠᠳᠢᠤ᠋ ᠲᠧᠯᠸᠢᠰ ᠲᠣᠣᠷ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠪᠠᠭᠠᠷᠢᠨ ᠵᠡᠭᠦᠨ ᠬᠤᠰᠢᠭᠤᠨ  ᠳᠠᠬᠢ ᠬᠤᠪᠢᠶᠠᠷᠢ ᠺᠤᠮᠫᠠᠨᠢ ᠲᠠᠢ ᠬᠠᠷᠢᠯᠴᠠᠨ᠎ᠠ᠃

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号