ᠲᠢᠶᠠᠨ ᠰᠢᠶᠤᠤ ᠾᠦᠢ
ᠨᠡᠶᠢᠲᠡᠯᠡᠭᠰᠡᠨ ᠴᠠᠭ᠄
2021/12/28
     ᠳᠣᠪᠴᠢ ᠨᠠᠮᠳᠠᠷ᠄      ᠲᠢᠶᠠᠨ ᠰᠢᠶᠤᠤ ᠾᠦᠢ᠂ ᠡᠷᠡᠭᠲᠡᠢ᠂ ᠮᠣᠩᠭᠤᠯ ᠦᠨᠳᠦᠰᠦᠲᠡᠨ᠂ 1977 ᠣᠨ ᠤ 12 ᠰᠠᠷ᠎ᠠ ᠳᠤ ᠥᠪᠥᠷ ᠮᠣᠩᠭᠤᠯ ᠤᠨ ᠪᠠᠭᠠᠷᠢᠨ ᠵᠡᠭᠦᠨ ᠬᠤᠰᠢᠭᠤᠨ ᠳᠤ ᠲᠦᠷᠦᠵᠠᠢ᠃ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠡᠪ ᠬᠠᠮᠲᠤ ᠨᠠᠮ ᠤᠨ ᠭᠡᠰᠢᠭᠦᠨ᠃ 1998 ᠣᠨ ᠤ 1 ᠰᠠᠷ᠎ᠠ ᠳᠤ ᠠᠵᠢᠯ ᠤᠨ ᠭᠠᠷᠤᠭ᠎ᠠ ᠠᠪᠴᠤ᠂ 2000 ᠣᠨ ᠤ 8 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠤᠪᠠ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠃      ᠠᠵᠢᠯ ᠤᠨ ᠬᠤᠪᠢᠶᠠᠷᠢ᠄      ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡᠨ ᠤ ᠲᠠᠯ᠎ᠠ ᠶᠢᠨ ᠠᠵᠢᠯ ᠢ ᠬᠠᠷᠢᠭᠤᠴᠠᠵᠤ᠂ ᠬᠤᠰᠢᠭᠤᠨ ᠳᠠᠷᠤᠭ᠎ᠠ ᠶᠢ ᠬᠠᠮᠵᠢᠨ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠭᠠᠵᠠᠷ ᠰᠢᠷᠦᠢ ᠶᠢᠨ ᠨᠦᠭᠡᠴᠡ᠂ ᠪᠠᠶᠢᠭᠠᠯᠢ ᠶᠢᠨ ᠡᠬᠢ ᠪᠠᠶᠠᠯᠢᠭ᠂ ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡ ᠵᠡᠷᠭᠡ ᠠᠵᠢᠯ ᠢ ᠬᠠᠷᠢᠭᠤᠴᠠᠨ᠎ᠠ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠯᠢᠨᠳᠦ᠋ᠩ ᠤᠨ ᠠᠵᠤ ᠦᠢᠯᠡᠰ ᠤᠨ ᠲᠣᠭᠤᠷᠢᠭ ᠤᠨ ᠬᠠᠮᠢᠶᠠᠷᠤᠯᠲᠠ ᠶᠢᠨ ᠠᠯᠪᠠᠨ ᠭᠡᠷ ᠤᠨ ᠱᠠᠩ ᠵᠢᠩ ᠠᠵᠤ ᠦᠢᠯᠡᠳᠪᠦᠷᠢ ᠲᠦᠪᠯᠡᠷᠡᠭᠰᠡᠨ ᠲᠣᠭᠤᠷᠢᠭ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠶᠢᠨ ᠬᠤᠳᠠᠯᠳᠤᠭᠠᠨ ᠤ ᠶᠠᠪᠤᠳᠠᠯ ᠤᠨ ᠠᠵᠢᠯ᠂ ᠴᠧᠩ ᠲᠸᠦ ᠨᠡᠭᠡᠭᠡᠯᠲᠡ ᠬᠦᠭᠵᠢᠭᠦᠯᠦᠯᠲᠡ ᠶᠢᠨ ᠬᠢᠵᠠᠭᠠᠷᠲᠤ ᠺᠤᠮᠫᠠᠨᠢ ᠶᠢ ᠬᠠᠮᠢᠶᠠᠷᠤᠨ᠎ᠠ᠃ ᠰᠢᠤᠳᠠᠨ ᠤ ᠪᠦᠯᠦᠭᠯᠡᠯ ᠤᠨ ᠪᠠᠭᠠᠷᠢᠨ ᠵᠡᠭᠦᠨ ᠬᠤᠰᠢᠭᠤᠨ ᠳᠠᠬᠢ ᠬᠤᠪᠢᠶᠠᠷᠢ ᠺᠤᠮᠫᠠᠨᠢ᠂ ᠳᠤᠮᠳᠠᠳᠤ  ᠶᠢᠨ ᠴᠢᠯᠠᠭᠤᠨ ᠲᠣᠰᠤᠨ ᠤ ᠪᠠᠭᠠᠷᠢᠨ ᠵᠡᠭᠦᠨ ᠬᠤᠰᠢᠭᠤᠨ ᠳᠠᠬᠢ ᠡᠵᠡᠩᠨᠡᠯᠲᠡ ᠶᠢᠨ ᠭᠠᠵᠠᠷ᠂ ᠨᠠᠪᠴᠢᠨ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ᠂ ᠰᠢᠨ᠎ᠡ ᠬᠤᠲᠠ ᠶᠢᠨ ᠢᠯᠴᠢ ᠶᠢᠨ ᠬᠦᠴᠦᠨ ᠤ ᠺᠤᠮᠫᠠᠨᠢ᠂ ᠹᠦ᠋ ᠯᠦᠩ ᠢᠯᠴᠢ  ᠶᠢᠨ ᠬᠦᠴᠦᠨ ᠤ  ᠺᠤᠮᠫᠠᠨᠢ ᠲᠠᠢ ᠬᠠᠷᠢᠯᠴᠠᠨ᠎ᠠ᠃      ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠣᠰᠤᠳ ᠠᠵᠢᠯ ᠢ ᠭᠦᠢᠴᠡᠳᠬᠡᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号