ᠰᠦ᠋ ᠳ᠋ᠦᠩ ᠶᠢᠩ
ᠨᠡᠶᠢᠲᠡᠯᠡᠭᠰᠡᠨ ᠴᠠᠭ᠄
2021/12/28
      ᠳᠣᠪᠴᠢ ᠨᠠᠮᠳᠠᠷ᠄       ᠰᠦ᠋ ᠳ᠋ᠦᠩ ᠶᠢᠩ᠂ ᠡᠮᠡᠭᠲᠡᠢ᠂ ᠬᠢᠲᠠᠳ ᠦᠨᠳᠦᠰᠦᠲᠡᠨ᠂ 1984 ᠣᠨ ᠤ 5 ᠰᠠᠷ᠎ᠠ ᠳᠤ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠲᠤ ᠲᠦᠷᠦᠵᠠᠢ᠃ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠶᠢᠨ ᠤᠬᠠᠭᠠᠨ ᠤ ᠣᠶᠤᠲᠠᠨ᠃ 2009 ᠣᠨ ᠤ 8 ᠰᠠᠷ᠎ᠠ ᠳᠤ ᠠᠵᠢᠯ ᠤᠨ ᠭᠠᠷᠤᠭ᠎ᠠ ᠠᠪᠴᠤ᠂ 2006 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠤᠪᠠ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠠᠳ  ᠤᠨ ᠵᠠᠰᠠᠭ ᠤᠨ ᠣᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠬᠤᠰᠢᠭᠤᠨ ᠳᠠᠷᠤᠭ᠎ᠠ  ᠶᠢᠨ ᠲᠤᠰᠢᠶᠠᠯ ᠢ ᠡᠭᠦᠷᠭᠡᠯᠡᠵᠦ ᠪᠣᠢ᠃       ᠠᠵᠢᠯ ᠤᠨ ᠬᠤᠪᠢᠶᠠᠷᠢ᠄       ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠳᠠᠷᠤᠭ᠎ᠠ ᠶᠢ ᠬᠠᠮᠵᠢᠨ ᠰᠢᠨᠵᠢᠯᠡᠬᠦ ᠤᠬᠠᠭᠠᠨ ᠮᠡᠷᠭᠡᠵᠢᠯ᠂ ᠬᠢᠵᠢᠭ ᠢ ᠰᠡᠷᠭᠡᠶᠢᠯᠡᠨ ᠡᠵᠡᠮᠳᠡᠬᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠡᠮᠨᠡᠯᠭᠡ ᠶᠢᠨ ᠪᠠᠲᠤᠯᠠᠭ᠎ᠠ᠂ ᠠᠷᠠᠳ ᠤᠨ ᠶᠠᠪᠤᠳᠠᠯ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ  ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ︵ᠬᠢᠲᠠᠳ ᠮᠣᠩᠭᠤᠯ ᠡᠮ ᠡᠮᠨᠡᠯᠭᠡ ᠶᠢᠨ ᠬᠠᠮᠢᠶᠠᠷᠤᠯᠲᠠ ᠶᠢᠨ ᠵᠦᠪᠯᠡᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠵᠦᠪᠯᠡᠯ ᠤᠨ ᠠᠯᠪᠠᠨ ᠭᠡᠷ︶᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠦᠮᠴᠢᠯᠡᠬᠦ ᠡᠷᠭᠡ ᠶᠢᠨ ᠲᠣᠪᠴᠢᠶ᠎ᠠ︶ ᠂ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠶᠢᠨ ᠠᠵᠢᠯ ᠢ ᠬᠠᠮᠢᠶᠠᠷᠤᠨ᠎ᠠ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠮᠡᠭᠲᠡᠶᠢᠴᠦᠳ ᠤᠨ ᠬᠤᠯᠪᠤᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠤᠭ᠎ᠠ᠂ ᠵᠡᠪᠰᠡᠭᠲᠦ ᠬᠦᠴᠦᠨ ᠤ ᠪᠠᠭᠠᠷᠢᠨ ᠵᠡᠭᠦᠨ ᠬᠤᠰᠢᠭᠤᠨ ᠤ ᠳᠤᠮᠳᠠ ᠠᠩᠬᠢ ᠲᠠᠢ ᠬᠠᠷᠢᠯᠴᠠᠨ᠎ᠠ᠃       ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠣᠰᠤᠳ ᠠᠵᠢᠯ ᠢ ᠭᠦᠢᠴᠡᠳᠬᠡᠨ᠎ᠡ᠃

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号