ᠵᠤᠤ ᠬᠤᠩ ᠲᠤ
ᠨᠡᠶᠢᠲᠡᠯᠡᠭᠰᠡᠨ ᠴᠠᠭ᠄
2021/12/28
      ᠳᠣᠪᠴᠢ ᠨᠠᠮᠳᠠᠷ       ᠵᠤᠤ ᠬᠤᠩ ᠲᠤ᠂  ᠡᠷᠡᠭᠳᠡᠢ᠂  ᠬᠢᠳᠠᠳ ᠦᠨᠳᠦᠰᠦᠳᠡᠨ᠂  1974 ᠣᠨ ᠤ 2 ᠰᠠᠷ᠎ᠠ ᠳᠤ ᠥᠪᠥᠷ ᠮᠣᠩᠭᠤᠯ ᠤᠨ ᠪᠠᠭᠠᠷᠢᠨ ᠵᠡᠭᠦᠨ ᠬᠤᠰᠢᠭᠤᠨ ᠳᠤ ᠲᠦᠷᠦᠵᠠᠢ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ 1994 ᠣᠨ ᠤ 8 ᠰᠠᠷ᠎ᠠ ᠳᠤ ᠠᠵᠢᠯ ᠳᠤ ᠣᠷᠣᠵᠤ᠂ 2001 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠶ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠃        1991 ᠣᠨ ᠤ 9 ᠰᠠᠷ᠎ᠠ-1994  ᠣᠨ ᠤ 7 ᠰᠠᠷ᠎ᠠ ᠪᠤᠯᠳᠠᠯ᠎ᠠ    ᠪᠣᠷᠣᠬᠤᠲᠠ ᠶᠢᠨ ᠪᠠᠭᠰᠢ ᠶᠢᠨ ᠰᠤᠷᠭᠠᠭᠤᠯᠢ ᠶᠢᠨ ᠡᠩ ᠤᠨ ᠪᠠᠭᠰᠢ ᠶᠢᠨ ᠲᠤᠰᠬᠠᠢ ᠮᠡᠷᠭᠡᠵᠢᠯ ᠳᠤ ᠰᠣᠷᠣᠯᠴᠠᠪᠠ︔        1994 ᠣᠨ ᠤ 7 ᠰᠠᠷ᠎ᠠ-2000 ᠣᠨ ᠤ 9 ᠰᠠᠷ᠎ᠠ ᠪᠤᠯᠳᠠᠯ᠎ᠠ    ᠪᠠᠭᠠᠷᠢᠨ ᠵᠡᠭᠦᠨ ᠬᠤᠰᠢᠭᠤᠨ ᠤ ᠹᠦ᠋ ᠱᠠᠨ ᠳ᠋ᠢ ᠰᠢᠶᠠᠩ ᠤᠨ ᠶᠡᠷᠦᠩᠬᠡᠢ ᠰᠤᠷᠭᠠᠭᠤᠯᠢ ᠶᠢᠨ ᠪᠠᠭᠰᠢ︔        2000 ᠣᠨ ᠤ 9 ᠰᠠᠷ᠎ᠠ-2002 ᠣᠨ ᠤ 12 ᠰᠠᠷ᠎ᠠ ᠪᠤᠯᠳᠠᠯ᠎ᠠ     ᠪᠠᠭᠠᠷᠢᠨ ᠵᠡᠭᠦᠨ ᠬᠤᠰᠢᠭᠤᠨ ᠤ ᠹᠦ᠋ ᠱᠠᠨ ᠳ᠋ᠢ ᠰᠢᠶᠠᠩ ᠤᠨ ᠳᠤᠮᠳᠠᠳᠤ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠡᠷᠬᠢᠯᠡᠭᠴᠢ︔        2002 ᠣᠨ ᠤ 12 ᠰᠠᠷ᠎ᠠ-2004 ᠣᠨ ᠤ 7 ᠰᠠᠷ᠎ᠠ ᠪᠤᠯᠳᠠᠯ᠎ᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠤᠬᠠᠭᠤᠯᠬᠤ ᠬᠡᠯᠲᠡᠰ ᠤᠨ ᠣᠨᠣᠯ ᠤᠨ ᠠᠯᠪᠠᠨ ᠬᠡᠷ ᠤᠨ ᠡᠷᠬᠢᠯᠡᠭᠴᠢ︔        2004 ᠣᠨ ᠤ  7 ᠰᠠᠷ᠎ᠠ-2005 ᠣᠨ ᠤ 7 ᠰᠠᠷ᠎ᠠ ᠪᠤᠯᠳᠠᠯ᠎ᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶᠠᠨ ᠤ ᠠᠯᠪᠠᠨ ᠭᠡᠷ ᠤᠨ ᠨᠠᠷᠢᠨ ᠪᠢᠴᠢᠭᠡᠴᠢ ︔      2005 ᠣᠨ ᠤ 7 ᠰᠠᠷ᠎ᠠ-2006 ᠣᠨ ᠤ 4 ᠰᠠᠷ᠎ᠠ ᠪᠤᠯᠳᠠᠯ᠎ᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶᠠᠨ ᠤ ᠤᠬᠠᠭᠤᠯᠬᠤ ᠬᠡᠯᠲᠡᠰ ᠤᠨ ᠭᠠᠳᠠᠭᠠᠳᠤ ᠤᠬᠠᠭᠤᠯᠭ᠎ᠠ ᠶᠢᠨ ᠠᠯᠪᠠᠨ ᠭᠡᠷ ᠤᠨ ᠡᠷᠬᠢᠯᠡᠭᠴᠢ︔        2006 ᠣᠨ ᠤ 4 ᠰᠠᠷ᠎ᠠ-2009 ᠣᠨ ᠤ 3 ᠰᠠᠷ᠎ᠠ ᠪᠤᠯᠳᠠᠯ᠎ᠠ     ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ︔       2009 ᠣᠨ ᠤ 3 ᠰᠠᠷ᠎ᠠ-2009 ᠣᠨ ᠤ 12 ᠰᠠᠷ᠎ᠠ ᠪᠤᠯᠳᠠᠯ᠎ᠠ     ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠡᠷᠬᠢᠯᠡᠭᠴᠢ︔       2009 ᠣᠨ ᠤ 12 ᠰᠠᠷ᠎ᠠ-2012 ᠣᠨ ᠤ 4 ᠰᠠᠷ᠎ᠠ ᠪᠤᠯᠳᠠᠯ᠎ᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠯᠪᠠᠨ ᠬᠡᠷ ᠤᠨ ᠡᠷᠬᠢᠯᠡᠭᠴᠢ︔       2012 ᠣᠨ ᠤ 4 ᠰᠠᠷ᠎ᠠ-2012 ᠣᠨ ᠤ 10 ᠰᠠᠷ᠎ᠠ ᠪᠤᠯᠳᠠᠯ᠎ᠠ     ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠸᠠᠵᠢᠯᠠᠭ᠎ᠠ ᠰᠢᠶᠠᠩ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠠᠵᠢᠯ ᠢ ᠡᠷᠬᠢᠯᠡᠪᠡ︔       2012 ᠣᠨ ᠤ 10 ᠰᠠᠷ᠎ᠠ-2016 ᠣᠨ ᠤ 3 ᠰᠠᠷ᠎ᠠ ᠪᠤᠯᠳᠠᠯ᠎ᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠸᠠᠵᠢᠯᠠᠭ᠎ᠠ ᠰᠢᠶᠠᠩ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ︔      2016 ᠣᠨ ᠤ 3 ᠰᠠᠷ᠎ᠠ-2016 ᠣᠨ ᠤ 10 ᠰᠠᠷ᠎ᠠ ᠪᠤᠯᠳᠠᠯ᠎ᠠ      ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠡᠯᠲᠡᠰ ᠤᠨ ᠳᠠᠷᠤᠭ᠎ᠠ︔      2016 ᠣᠨ ᠤ 10 ᠰᠠᠷ᠎ᠠ-2019 ᠣᠨ ᠤ 2 ᠰᠠᠷ᠎ᠠ ᠪᠤᠯᠳᠠᠯ᠎ᠠ    ᠪᠠᠭᠠᠷᠢᠨ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠡᠳ᠋ ᠳᠠᠷᠤᠭ᠎ᠠ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ᠤᠨ ᠡᠷᠬᠢᠯᠡᠭᠴᠢ︔      2019 ᠣᠨ ᠤ 2 ᠰᠠᠷ᠎ᠠ-2020 ᠣᠨ ᠤ 8 ᠰᠠᠷ᠎ᠠ ᠪᠤᠯᠳᠠᠯ᠎ᠠ   ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ︔      2020 ᠣᠨ ᠤ 8 ᠰᠠᠷ᠎ᠠ-2021  ᠣᠨ ᠤ 4 ᠰᠠᠷ᠎ᠠ ᠪᠤᠯᠳᠠᠯ᠎ᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ︔      2021ᠣᠨ ᠤ 4 ᠰᠠᠷ᠎ᠠ-2021 ᠣᠨ ᠤ 7 ᠰᠠᠷ᠎ᠠ ᠪᠤᠯᠳᠠᠯ᠎ᠠ     ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ︔       2021 ᠣᠨ ᠤ 7 ᠰᠠᠷ᠎ᠠ-2021ᠣᠨ ᠤ 8 ᠰᠠᠷ᠎ᠠ ᠪᠤᠯᠳᠠᠯ᠎ᠠ     ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠨᠡᠷ᠎ᠡ ᠳᠣᠷᠠᠳᠣᠬᠰᠠᠨ ᠵᠢᠱᠢᠭᠳᠡᠭᠴᠢ︔      2021 ᠣᠨ ᠤ 8 ᠰᠠᠷ᠎ᠠ- ᠣᠳᠣ ᠪᠣᠯᠳᠠᠯ᠎ᠠ      ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠃       ᠠᠵᠢᠯ ᠤᠨ ᠬᠤᠪᠢᠶᠠᠷᠢᠯᠠᠯ᠄ ᠬᠤᠰᠢᠭᠤᠨ ᠳᠠᠷᠤᠭ᠎ᠠ ᠶᠢ ᠬᠠᠮᠵᠢᠨ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ᠂ ᠣᠶ ᠰᠢᠭᠤᠶ ᠪᠠ ᠨᠤᠲᠤᠭ ᠪᠡᠯᠴᠢᠭᠡᠷ᠂ ᠵᠡᠭᠦᠨ ᠪᠠᠷᠠᠭᠤᠨ ᠣᠷᠣᠨ  ᠤ ᠬᠠᠮᠵᠢᠯᠴᠠᠭ᠎ᠠ᠂ ᠲᠥᠪ ᠤᠨ ᠠᠵᠤ ᠠᠬᠤᠶᠢᠯᠠᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂  ᠮᠠᠯᠵᠢᠯ ᠲᠠᠷᠢᠶᠠᠯᠠᠩ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂  ᠽᠧ ᠾᠦᠢ ᠠᠷᠠᠳ ᠢ ᠪᠠᠶᠠᠵᠢᠭᠤᠯᠬᠤ ᠠᠵᠤ  ᠦᠢᠯᠡᠰ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃       ᠴᠠᠭ ᠠᠭᠤᠷ ᠤᠨ ᠲᠣᠪᠴᠢᠶ᠎ᠠ ᠲᠠᠢ ᠬᠠᠷᠢᠯᠴᠠᠨ᠎ᠠ᠃       ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号