ᠯᠢᠦ ᠳ᠋ᠧ ᠬᠠᠢ
ᠨᠡᠶᠢᠲᠡᠯᠡᠭᠰᠡᠨ ᠴᠠᠭ᠄
2021/12/28
       ᠲᠤᠪᠴᠢ ᠨᠠᠮᠳᠠᠷ᠄

       ᠯᠢᠦ ᠳ᠋ᠧ ᠬᠠᠢ᠂ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 10 ᠰᠠᠷ᠎ᠠ ᠳᠤ ᠥᠪᠥᠷ

ᠮᠣᠩᠭᠤᠯ ᠤᠨ ᠵᠠᠷᠤᠳ ᠬᠤᠰᠢᠭᠤᠨ ᠳᠤ ᠲᠦᠷᠦᠵᠠᠢ᠃ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠨᠡᠶᠢᠲᠡ

 ᠶᠢᠨ ᠬᠠᠮᠢᠶᠠᠷᠤᠯᠲᠠ ᠶᠢᠨ ᠤᠬᠠᠭᠠᠨ ᠤ ᠮᠠᠰᠲ᠋ᠧᠷ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃

1999 ᠣᠨ ᠤ 8 ᠰᠠᠷ᠎ᠠ ᠳᠤ ᠠᠵᠢᠯ ᠤᠨ ᠭᠠᠷᠤᠭ᠎ᠠ ᠠᠪᠴᠤ᠂ 1999 ᠣᠨ ᠤ 3 ᠰᠠᠷ᠎ᠠ ᠳᠤ ᠳᠤᠮᠳᠠᠳᠤ ᠤᠯᠤᠰ

 ᠤᠨ ᠡᠪ ᠬᠠᠮᠲᠤ ᠨᠠᠮ ᠳᠤ ᠣᠷᠤᠪᠠ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ

ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ

ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋

ᠱᠦᠵᠢ᠂ ᠳᠡᠳ᠋ ᠬᠤᠰᠢᠭᠤᠨ ᠳᠠᠷᠤᠭ᠎ᠠ ︵ᠵᠠᠰᠠᠭ ᠤᠨ ᠣᠷᠳᠤᠨ ᠤ ᠪᠠᠶᠢᠩᠭᠤ ᠶᠢᠨ ᠠᠵᠢᠯ ᠢ ᠬᠠᠷᠢᠭᠤᠴᠠᠨ᠎ᠠ︶

ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ

ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠤᠷᠢᠶ᠎ᠠ ᠶᠢᠨ ᠱᠦᠵᠢ ᠶᠢᠨ

ᠲᠤᠰᠢᠶᠠᠯ ᠢ ᠡᠭᠦᠷᠭᠡᠯᠡᠵᠦ ᠪᠣᠢ᠃

      ᠠᠵᠢᠯ ᠤᠨ ᠬᠤᠪᠢᠶᠠᠷᠢ᠄

      ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂

ᠬᠤᠰᠢᠭᠤᠨ ᠤ ᠳᠠᠷᠤᠭ᠎ᠠ ᠶᠢ ᠬᠠᠮᠵᠢᠨ ᠬᠦᠭᠵᠢᠭᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ᠂ ᠠᠵᠢᠯᠲᠠᠨ ᠤ

ᠶᠠᠪᠤᠳᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠤᠣᠯᠳᠠᠯᠭ᠎ᠠ ᠲᠠᠢ ᠲᠦᠷᠦᠯ ᠵᠦᠢᠯ᠂ ᠲᠤᠭ᠎ᠠ

ᠪᠦᠷᠢᠳᠬᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠪᠠᠶᠢᠭᠤᠯᠭ᠎ᠠ ᠶᠢᠨ ᠶᠠᠪᠤᠳᠠᠯ ᠵᠡᠷᠭᠡ ᠲᠠᠯ᠎ᠠ ᠶᠢᠨ ᠠᠵᠢᠯ ᠢ

ᠬᠠᠷᠢᠭᠤᠴᠠᠨ᠎ᠠ᠃  ᠬᠤᠰᠢᠭᠤᠨ ᠳᠠᠷᠤᠭ᠎ᠠ ᠶᠢ ᠬᠠᠮᠵᠢᠨ ᠬᠢᠨᠠᠨ ᠪᠣᠳᠤᠬᠤ ᠠᠵᠢᠯ ᠢ ᠬᠠᠷᠢᠭᠤᠴᠠᠨ᠎ᠠ᠃ ᠬᠤᠰᠢᠭᠤᠨ ᠤ

ᠵᠠᠰᠠᠭ ᠤᠨ ᠣᠷᠳᠤᠨ ᠤ ᠠᠯᠪᠠᠨ ᠭᠡᠷ ︵ᠭᠠᠳᠠᠭᠠᠳᠤ ᠶᠠᠪᠤᠳᠠᠯ ᠤᠨ ᠠᠯᠪᠠᠨ ᠭᠡᠷ︶᠂ ᠬᠦᠭᠵᠢᠭᠦᠯᠦᠯᠲᠡ ᠪᠠ

ᠦᠭᠡᠷᠡᠴᠢᠯᠡᠯᠲᠡ ᠶᠢᠨ ᠵᠦᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠶᠢᠨ ᠨᠦᠭᠡᠴᠡᠯᠡᠯᠲᠡ ᠶᠢᠨ ᠲᠣᠪᠴᠢᠶ᠎ᠠ᠂ ᠠᠷᠠᠳ

 ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠂ ᠡᠳ᠋ ᠤᠨ ᠵᠠᠰᠠᠭ ᠤᠨ ᠲᠣᠪᠴᠢᠶ᠎ᠠ᠂ ᠪᠠᠴᠢᠮ ᠪᠠᠶᠢᠳᠠᠯ ᠢ

ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠦᠪ᠂ ᠬᠦᠮᠦᠨ ᠤ ᠬᠦᠴᠦᠨ

 ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢ ᠬᠠᠮᠢᠶᠠᠷᠤᠨ᠎ᠠ᠃

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号