ᠭᠤᠸ᠎ᠠ
ᠨᠡᠶᠢᠲᠡᠯᠡᠭᠰᠡᠨ ᠴᠠᠭ᠄
2021/2/18
      ᠲᠣᠪᠴᠢ ᠨᠠᠮᠲᠠᠷ᠄

      ᠭᠤᠸ᠎ᠠ᠂ ᠡᠮᠡᠭᠲᠡᠢ᠂ ᠮᠣᠩᠭᠤᠯ ᠦᠨᠳᠦᠰᠦᠲᠡᠨ᠂ 1968 ᠣᠨ ᠤ 7 ᠰᠠᠷ᠎ᠠ ᠳᠤ ᠥᠪᠥᠷ ᠮᠣᠩᠭᠤᠯ ᠤᠨ

ᠪᠠᠭᠠᠷᠢᠨ ᠵᠡᠭᠦᠨ ᠬᠤᠰᠢᠭᠤᠨ ᠳᠤ ᠲᠦᠷᠦᠵᠠᠢ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ

ᠨᠠᠮᠲᠠᠷ ᠲᠠᠢ᠂ 1991 ᠣᠨ ᠤ 8 ᠰᠠᠷ᠎ᠠ ᠳᠤ ᠠᠵᠢᠯ ᠤᠨ ᠭᠠᠷᠤᠭ᠎ᠠ ᠠᠪᠴᠤ᠂ ᠳᠤᠮᠳᠠᠳᠤ ᠤᠯᠤᠰ ᠤᠨ ᠡᠪ ᠬᠠᠮᠲᠤ

ᠨᠠᠮ ᠤᠨ ᠭᠡᠰᠢᠭᠦᠨ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠦᠪᠯᠡᠯᠭᠡᠨ ᠤ

ᠪᠠᠭᠠᠷᠢᠨ ᠵᠡᠭᠦᠨ ᠬᠤᠰᠢᠭᠤᠨ ᠤ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋

ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠣᠢ᠃

      1991 ᠣᠨ ᠤ 8 ᠰᠠᠷ᠎ᠠ — 1996 ᠣᠨ ᠤ 9 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠮᠠᠯ ᠠᠵᠤ ᠠᠬᠤᠢ ᠶᠢᠨ ᠲᠣᠪᠴᠢᠶ᠎ᠠ ᠶᠢᠨ ᠠᠵᠢᠯᠲᠠᠨ ᠤ ᠶᠠᠪᠤᠳᠠᠯ᠂ ᠨᠢᠭᠲᠠᠯᠠᠨ ᠪᠤᠳᠤᠭᠴᠢ ᠶᠢᠨ ᠲᠠᠰᠤᠭ ᠤᠨ

ᠳᠠᠷᠤᠭ᠎ᠠ︔

      1996 ᠣᠨ ᠤ 9 ᠰᠠᠷ᠎ᠠ — 2006 ᠣᠨ ᠤ 4 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷᠴᠤᠳ ᠤᠨ ᠲᠠᠰᠤᠭ ᠤᠨ ᠭᠡᠰᠢᠭᠦᠨ᠂ ᠳᠡᠳ᠋

ᠡᠷᠬᠢᠯᠡᠭᠴᠢ ᠭᠡᠰᠢᠭᠦᠨ︔

      2006 ᠣᠨ ᠤ 4 ᠰᠠᠷ᠎ᠠ — 2009 ᠣᠨ ᠤ 12 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠨᠠᠮ ᠤᠨ ᠬᠤᠷᠢᠶ᠎ᠠ ᠶᠢᠨ ᠠᠬᠠᠮᠠᠳ ᠺᠠᠳ᠋ᠷ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ︔

      2009 ᠣᠨ ᠤ 12 ᠰᠠᠷ᠎ᠠ — 2012 ᠣᠨ ᠤ 4 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ

      2012 ᠣᠨ ᠤ 4 ᠰᠠᠷ᠎ᠠ — 2012 ᠣᠨ ᠤ 6 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠴᠠᠭᠠᠨᠬᠠᠳᠠ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ ︵ᠵᠠᠰᠠᠭ ᠤᠨ ᠣᠷᠳᠤᠨ ᠤ ᠠᠵᠢᠯ ᠢ ᠡᠷᠬᠢᠯᠡᠨ᠎ᠡ︶︔

      2012 ᠣᠨ ᠤ 6 ᠰᠠᠷ᠎ᠠ — 2016 ᠣᠨ ᠤ 3 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠴᠠᠭᠠᠨᠬᠠᠳᠠ ᠰᠤᠮᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠤᠨ ᠤ ᠳᠠᠷᠤᠭ᠎ᠠ ︵ᠲᠤᠰ

ᠬᠤᠭᠤᠴᠠᠭᠠᠨ ᠳᠤ᠄ 2015 ᠣᠨ ᠤ 4 ᠰᠠᠷ᠎ᠠ — 2015 ᠣᠨ ᠤ 6 ᠰᠠᠷ᠎ᠠ ᠪᠣᠯᠲᠠᠯ᠎ᠠ ᠤᠯᠠᠭᠠᠨᠬᠠᠳᠠ

ᠬᠤᠲᠠ ᠶᠢᠨ ᠨᠠᠮ ᠤᠨ ᠰᠤᠷᠭᠠᠭᠤᠯᠢ ᠢᠳᠡᠷ ᠵᠠᠯᠠᠭᠤᠴᠤᠳ ᠤᠨ ᠠᠩᠬᠢ ᠳᠤ ᠰᠤᠷᠤᠯᠴᠠᠪᠠ︶︔

      2016 ᠣᠨ ᠤ 3 ᠰᠠᠷ᠎ᠠ — 2017 ᠣᠨ ᠤ 10 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠴᠠᠭᠠᠨᠬᠠᠳᠠ ᠰᠤᠮᠤ ᠶᠢᠨ ᠨᠠᠮ ᠤᠨ ᠬᠤᠷᠢᠶᠠᠨ ᠤ ᠱᠦᠵᠢ︔

      2017 ᠣᠨ ᠤ 10 ᠰᠠᠷ᠎ᠠ — 2018 ᠣᠨ ᠤ 5 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠤᠯᠠᠭᠠᠨᠳᠠᠪᠠᠭ᠎ᠠ ᠰᠤᠮᠤ ᠶᠢᠨ ᠨᠠᠮ ᠤᠨ ᠬᠤᠷᠢᠶᠠᠨ ᠤ ᠱᠦᠵᠢ︔

      2018 ᠣᠨ ᠤ 5 ᠰᠠᠷ᠎ᠠ — 2019 ᠣᠨ ᠤ 1 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠰᠢᠨᠵᠢᠯᠡᠬᠦ ᠤᠬᠠᠭᠠᠨ ᠤ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂

ᠲᠣᠪᠴᠢᠶᠠᠨ ᠳᠠᠷᠤᠭ᠎ᠠ︔

      2019 ᠣᠨ ᠤ 1 ᠰᠠᠷ᠎ᠠ — 2021 ᠣᠨ ᠤ 7 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ︔

      2021 ᠣᠨ ᠤ 7 ᠰᠠᠷ᠎ᠠ — 2022 ᠣᠨ ᠤ 1 ᠰᠠᠷ᠎ᠠ ᠳᠤᠮᠳᠠᠳᠤ ᠤᠯᠤᠰ ᠤᠨ ᠡᠪ ᠬᠠᠮᠲᠤ ᠨᠠᠮ

 ᠤᠨ ᠤᠯᠤᠰ ᠲᠦᠷᠦ ᠶᠢᠨ ᠵᠦᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠵᠦᠪᠯᠡᠯ ᠤᠨ ᠨᠠᠮ ᠤᠨ ᠤᠳᠤᠷᠢᠳᠬᠤ

ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ᠂ ᠪᠠᠭᠠᠷᠢᠨ ᠵᠡᠭᠦᠨ ᠬᠤᠰᠢᠭᠤᠨ ᠤ ᠴᠡᠷᠢᠭ

 ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ︔

      2022 ᠣᠨ ᠤ 1 ᠰᠠᠷ᠎ᠠ ᠠᠴᠠ ᠣᠳᠤᠬᠢ ᠲᠤᠰᠢᠶᠠᠯ ᠳᠤ ᠪᠣᠢ᠃

      ᠠᠵᠢᠯ ᠤᠨ ᠬᠤᠪᠢᠶᠠᠷᠢ᠄ ᠲᠡᠷᠢᠭᠦᠯᠡᠭᠴᠢ ᠶᠢᠨ ᠠᠵᠢᠯ ᠳᠤ ᠬᠠᠮᠵᠢᠨ᠎ᠠ᠃ ᠬᠤᠰᠢᠭᠤᠨ ᠤ ᠤᠯᠤᠰ ᠲᠦᠷᠦ

 ᠶᠢᠨ ᠵᠦᠪᠯᠡᠯᠭᠡᠨ ᠤ ᠰᠠᠨᠠᠯ ᠳᠤᠷᠠᠳᠤᠯᠭ᠎ᠠ ᠶᠢᠨ ᠬᠠᠤᠯᠢ ᠳᠦᠷᠢᠮ ᠪᠠ ᠦᠨᠳᠦᠰᠦᠲᠡᠨ ᠱᠠᠰᠢᠨ ᠰᠤᠷᠲᠠᠬᠤᠨ ᠤ

ᠵᠦᠪᠯᠡᠯ ᠢ ᠬᠠᠮᠢᠶᠠᠷᠤᠨ᠎ᠠ᠃ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠤᠯᠤᠰ ᠲᠦᠷᠦ ᠬᠠᠤᠯᠢ ᠴᠠᠭᠠᠵᠠ ᠶᠢᠨ

ᠵᠦᠪᠯᠡᠯ᠂ ᠦᠨᠳᠦᠰᠦᠲᠡᠨ ᠤ ᠵᠦᠪᠯᠡᠯ᠂ ᠱᠠᠰᠢᠨ ᠰᠤᠷᠲᠠᠬᠤᠨ ᠤ ᠶᠠᠪᠤᠳᠠᠯ ᠤᠨ ᠲᠣᠪᠴᠢᠶ᠎ᠠ᠂ ᠳᠤᠲᠤᠭᠠᠳᠤ ᠶᠢ

ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠪᠠᠴᠢᠮ ᠪᠠᠶᠢᠳᠠᠯ ᠢ

ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠢᠨᠠᠨ ᠪᠣᠳᠤᠬᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ

ᠲᠣᠪᠴᠢᠶ᠎ᠠ᠂ ᠤᠯᠠᠭᠠᠨᠬᠠᠳᠠ ᠶᠢᠨ ᠬᠦᠨᠳᠡᠯᠡᠨ ᠠᠴᠠ ᠲᠠᠰᠤᠯᠬᠤ ᠵᠦᠪᠯᠡᠯ ᠤᠨ ᠯᠢᠨᠳᠦ᠋ᠩ ᠳᠠᠬᠢ ᠬᠡᠷᠡᠭ ᠡᠷᠬᠢᠯᠡᠬᠦ

ᠭᠠᠵᠠᠷ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ

ᠬᠠᠮᠢᠶᠠᠷᠤᠯᠲᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠭᠠᠯ ᠢ ᠰᠡᠷᠭᠡᠶᠢᠯᠡᠬᠦ ᠶᠡᠭᠡ ᠠᠩᠬᠢ᠂

ᠣᠢ ᠰᠢᠭᠤᠢ ᠶᠢᠨ ᠴᠠᠭᠳᠠᠭ᠎ᠠ ᠶᠢᠨ ᠳᠤᠮᠳᠠ ᠠᠩᠬᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠬᠢ ᠲᠠᠢ ᠬᠠᠷᠢᠯᠴᠠᠨ᠎ᠠ

᠃ ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃

       ᠲᠦᠷ ᠣᠷᠤᠯᠠᠬᠤ᠄ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠵᠤ ᠠᠬᠤᠢ ᠰᠢᠨᠵᠢᠯᠡᠬᠦ

ᠤᠬᠠᠭᠠᠨ ᠮᠡᠷᠭᠡᠵᠢᠯ ᠪᠠ ᠣᠷᠴᠢᠨ ᠲᠣᠭᠤᠷᠢᠨ ᠤ ᠡᠬᠢ ᠪᠠᠶᠠᠯᠢᠭ ᠤᠨ ᠵᠦᠪᠯᠡᠯ ᠢ ᠬᠠᠮᠢᠶᠠᠷᠤᠨ᠎ᠠ᠃ ᠬᠦᠭᠵᠢᠭᠦᠯᠦᠯᠲᠡ

ᠪᠠ ᠦᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠡᠳ᠋ ᠤᠨ

ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠤᠨ ᠰᠠᠭᠤᠴᠠ ᠶᠢᠨ ᠪᠦᠲᠦᠭᠡᠨ

ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂

ᠮᠠᠯᠵᠢᠯ ᠲᠠᠷᠢᠶᠠᠯᠠᠩ ᠤᠨ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠮᠦᠩᠭᠦᠨ

ᠭᠦᠢᠯᠭᠡᠭᠡᠨ ᠪᠠ ᠪᠡᠯᠡ ᠣᠷᠤᠭᠤᠯᠤᠯᠲᠠ ᠶᠢ ᠠᠬᠢᠭᠤᠯᠬᠤ ᠲᠣᠪᠴᠢᠶ᠎ᠠ᠂ ᠬᠦᠳᠡᠭᠡ ᠲᠤᠰᠬᠤᠨ ᠢ ᠬᠦᠭᠵᠢᠭᠦᠯᠦᠨ

ᠮᠠᠨᠳᠤᠭᠤᠯᠬᠤ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ

ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ

ᠮᠡᠷᠭᠡᠵᠢᠯ ᠤᠨ ᠨᠡᠶᠢᠭᠡᠮᠯᠢᠭ᠂ ᠬᠠᠩᠭᠠᠨ ᠪᠣᠷᠤᠯᠠᠭᠤᠯᠬᠤ ᠬᠤᠷᠰᠢᠶ᠎ᠠ᠂ ᠠᠵᠤ ᠦᠢᠯᠡᠳᠪᠦᠷᠢ ᠶᠢᠨ ᠲᠣᠭᠤᠷᠢᠭ ᠤᠨ

ᠬᠠᠮᠢᠶᠠᠷᠤᠯᠲᠠ ᠶᠢᠨ ᠠᠯᠪᠠᠨ ᠭᠡᠷ᠂ ᠱᠠᠩ ᠵᠢᠩ ᠪᠤᠳᠠᠰ ᠤᠨ ᠭᠦᠢᠯᠭᠡᠭᠡᠨ ᠤ ᠲᠣᠭᠤᠷᠢᠭ ᠤᠨ ᠬᠠᠮᠢᠶᠠᠷᠤᠯᠲᠠ ᠶᠢᠨ

ᠠᠯᠪᠠᠨ ᠭᠡᠷ᠂ ᠭᠠᠯᠲᠤ ᠲᠡᠷᠭᠡᠨ ᠤ ᠦᠷᠲᠡᠭᠡ᠂ ᠤᠯᠤᠰ ᠤᠨ ᠰᠦᠯᠵᠢᠶ᠎ᠡ ᠶᠢᠨ ᠪᠠᠭᠠᠷᠢᠨ ᠵᠡᠭᠦᠨ ᠬᠤᠰᠢᠭᠤᠨ ᠤ

ᠴᠠᠬᠢᠯᠭᠠᠨ ᠬᠠᠩᠭᠠᠬᠤ ᠺᠤᠮᠫᠠᠨᠢ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠭᠠᠷᠢᠨ ᠵᠡᠭᠦᠨ

ᠬᠤᠰᠢᠭᠤᠨ ᠤ ᠪᠠᠶᠢᠴᠠᠭᠠᠬᠤ ᠠᠩᠬᠢ᠂ ᠠᠷᠠᠳ ᠤᠨ ᠪᠠᠩᠬᠢ ᠶᠢᠨ ᠪᠠᠭᠠᠷᠢᠨ ᠵᠡᠭᠦᠨ ᠬᠤᠰᠢᠭᠤᠨ ᠳᠠᠬᠢ ᠰᠠᠯᠪᠤᠷᠢ

ᠪᠠᠩᠬᠢ᠂ ᠢᠲᠡᠭᠡᠮᠵᠢ ᠶᠢᠨ ᠬᠤᠯᠪᠤᠭᠠᠲᠤ ᠬᠤᠷᠰᠢᠶ᠎ᠠ᠂ ᠮᠦᠩᠭᠦᠨ ᠭᠦᠢᠯᠭᠡᠭᠡᠨ ᠤ ᠳᠠᠭᠠᠳᠬᠠᠯ ᠤᠨ ᠡᠯ᠎ᠡ

ᠪᠠᠶᠢᠭᠤᠯᠤᠮᠵᠢ ᠲᠠᠢ ᠬᠠᠷᠢᠯᠴᠠᠨ᠎ᠠ᠃

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号