ᠯᠢ ᠴᠧᠩ ᠭᠧ
ᠨᠡᠶᠢᠲᠡᠯᠡᠭᠰᠡᠨ ᠴᠠᠭ᠄
2021/3/1
      ᠲᠣᠪᠴᠢ ᠨᠠᠮᠲᠠᠷ᠄       ᠯᠢ ᠴᠧᠩ ᠭᠧ᠂ ᠡᠷᠡᠭᠲᠡᠢ᠂  ᠮᠣᠩᠭᠤᠯ ᠦᠨᠳᠦᠰᠦᠲᠡᠨ᠂ 1967 ᠣᠨ ᠤ 1 ᠰᠠᠷ᠎ᠠ ᠳᠤ ᠥᠪᠥᠷ ᠮᠣᠩᠭᠤᠯ ᠤᠨ ᠪᠠᠭᠠᠷᠢᠨ ᠵᠡᠭᠦᠨ ᠬᠤᠰᠢᠭᠤᠨ ᠳᠤ ᠲᠦᠷᠦᠵᠠᠢ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠃ 1987 ᠣᠨ ᠤ 8 ᠰᠠᠷ᠎ᠠ ᠳᠤ ᠠᠵᠢᠯ ᠤᠨ ᠭᠠᠷᠤᠭ᠎ᠠ ᠠᠪᠴᠤ᠂ 1994 ᠣᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠤᠪᠠ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠣᠢ᠃       1983 ᠣᠨ ᠤ 9 ᠰᠠᠷ᠎ᠠ — 1987 ᠣᠨ ᠤ 8 ᠰᠠᠷ᠎ᠠ ᠪᠣᠯᠲᠠᠯ᠎ᠠ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠰᠤᠷᠤᠭᠴᠢ︔       1987 ᠣᠨ ᠤ 8 ᠰᠠᠷ᠎ᠠ — 1992 ᠣᠨ ᠤ 6 ᠰᠠᠷ᠎ᠠ ᠪᠣᠯᠲᠠᠯ᠎ᠠ ᠬᠤᠰᠢᠭᠤᠨ ᠤ ᠨᠤᠲᠤᠭ ᠪᠡᠯᠴᠢᠭᠡᠷ ᠤᠨ ᠦᠷᠲᠡᠭᠡ ᠶᠢᠨ ᠲᠤᠰᠠᠯᠠᠭᠴᠢ ᠮᠠᠯ ᠠᠵᠤ ᠠᠬᠤᠶᠢᠴᠢᠨ︔       1992 ᠣᠨ ᠤ 6 ᠰᠠᠷ᠎ᠠ — 1994 ᠣᠨ ᠤ 11 ᠰᠠᠷ᠎ᠠ ᠪᠣᠯᠲᠠᠯ᠎ᠠ ᠬᠤᠰᠢᠭᠤᠨ ᠤ ᠮᠠᠯ ᠠᠵᠤ ᠠᠬᠤᠢ ᠶᠢᠨ ᠲᠣᠪᠴᠢᠶᠠᠨ ᠤ ᠲᠤᠰᠠᠯᠠᠭᠴᠢ ᠮᠠᠯ ᠠᠵᠤ ᠠᠬᠤᠶᠢᠴᠢᠨ︔       1994 ᠣᠨ ᠤ 11 ᠰᠠᠷ᠎ᠠ — 1997 ᠣᠨ ᠤ 3 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶ᠎ᠠ ᠶᠢᠨ ᠠᠯᠪᠠᠨ ᠭᠡᠷ ᠤᠨ ᠨᠠᠷᠢᠨ ᠪᠢᠴᠢᠭᠡᠴᠢ︔       1997 ᠣᠨ ᠤ 3 ᠰᠠᠷ᠎ᠠ — 1999 ᠣᠨ ᠤ 1 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ︔       1999 ᠣᠨ ᠤ 1 ᠰᠠᠷ᠎ᠠ — 2005 ᠣᠨ ᠤ 1 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠪᠠᠶᠠᠨ᠋ᠣ᠋ᠪᠤᠭ᠎ᠠ ᠰᠢᠶᠠᠩ ᠤᠨ ᠬᠤᠷᠢᠶᠠᠨ ᠤ ᠱᠦᠵᠢ︔       2005 ᠣᠨ ᠤ 1 ᠰᠠᠷ᠎ᠠ — 2009 ᠣᠨ ᠤ 12 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ︔       2009 ᠣᠨ ᠤ 12 ᠰᠠᠷ᠎ᠠ — 2013 ᠣᠨ ᠤ 1 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠬᠤᠰᠢᠭᠤ ᠰᠢᠭᠤᠳ ᠬᠠᠷᠢᠶ᠎ᠠ ᠠᠵᠢᠯ ᠤᠨ ᠵᠦᠪᠯᠡᠯ ᠤᠨ ᠱᠦᠵᠢ︔       2013 ᠣᠨ ᠤ 1 ᠰᠠᠷ᠎ᠠ — 2013 ᠣᠨ ᠤ 3 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠤᠨ ᠤ ᠨᠠᠮ ᠤᠨ ᠤᠳᠤᠷᠢᠳᠬᠤ ᠳᠤᠭᠤᠶᠢᠯᠠᠩ  ᠤᠨ ᠭᠡᠰᠢᠭᠦᠨ᠂ ᠬᠢᠨᠠᠨ ᠪᠠᠶᠢᠴᠠᠭᠠᠬᠤ ᠲᠣᠪᠴᠢᠶᠠᠨ ᠤ ᠳᠠᠷᠤᠭ᠎ᠠ︔       2013 ᠣᠨ ᠤ 3 ᠰᠠᠷ᠎ᠠ — 2016 ᠣᠨ ᠤ 7 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠤᠨ ᠤ ᠨᠠᠮ ᠤᠨ ᠤᠳᠤᠷᠢᠳᠬᠤ ᠳᠤᠭᠤᠶᠢᠯᠠᠩ  ᠤᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡ᠊ᠳ᠋ ᠱᠦᠵᠢ᠂ ᠬᠢᠨᠠᠨ ᠪᠠᠶᠢᠴᠠᠭᠠᠬᠤ ᠲᠣᠪᠴᠢᠶᠠᠨ ᠤ ᠳᠠᠷᠤᠭ᠎ᠠ︔       2016 ᠣᠨ ᠤ 7 ᠰᠠᠷ᠎ᠠ — 2017 ᠣᠨ ᠤ 12 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠤᠨ ᠤ ᠨᠠᠮ ᠤᠨ ᠤᠳᠤᠷᠢᠳᠬᠤ ᠳᠤᠭᠤᠶᠢᠯᠠᠩ  ᠤᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡ᠊ᠳ᠋ ᠱᠦᠵᠢ᠂ ᠬᠢᠨᠠᠨ ᠪᠠᠶᠢᠴᠠᠭᠠᠬᠤ ᠲᠣᠪᠴᠢᠶᠠᠨ ᠤ ᠳᠠᠷᠤᠭ᠎ᠠ︔       2017 ᠣᠨ ᠤ 12 ᠰᠠᠷ᠎ᠠ — 2019 ᠣᠨ ᠤ 1 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠳᠡᠳ᠋ ᠡᠷᠬᠢᠯᠡᠭᠴᠢ︔       2019 ᠣᠨ ᠤ 1 ᠰᠠᠷ᠎ᠠ — 2020 ᠣᠨ ᠤ 2 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶᠠᠨ ᠳᠠᠷᠤᠭ᠎ᠠ︔       2020 ᠣᠨ ᠤ 2 ᠰᠠᠷ᠎ᠠ — 2020 ᠣᠨ ᠤ 3 ᠰᠠᠷ᠎ᠠ ᠪᠣᠯᠲᠠᠯ᠎ᠠ ᠤᠯᠤᠰ ᠲᠦᠷᠦ ᠶᠢᠨ ᠵᠦᠪᠯᠡᠯᠭᠡᠨ  ᠤ ᠪᠠᠭᠠᠷᠢᠨ ᠵᠡᠭᠦᠨ ᠬᠤᠰᠢᠭᠤᠨ ᠤ ᠵᠦᠪᠯᠡᠯ ᠤᠨ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶᠠᠨ ᠳᠠᠷᠤᠭ᠎ᠠ︔       2020 ᠣᠨ ᠤ 3 ᠰᠠᠷ᠎ᠠ — 2020 ᠣᠨ ᠤ 4 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠦᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶᠠᠨ ᠳᠠᠷᠤᠭ᠎ᠠ︔       2020 ᠣᠨ ᠤ 4 ᠰᠠᠷ᠎ᠠ — 2021 ᠣᠨ ᠤ 4 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠦᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶᠠᠨ ᠳᠠᠷᠤᠭ᠎ᠠ︔       2021 ᠣᠨ ᠤ 4 ᠰᠠᠷ᠎ᠠ — 2021 ᠣᠨ ᠤ 7 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠦᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ︔       2021 ᠣᠨ ᠤ 7 ᠰᠠᠷ᠎ᠠ — 2022 ᠣᠨ ᠤ 1 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠤᠭᠳᠠᠪᠠ᠂ ᠤᠯᠤᠰ ᠲᠦᠷᠦ ᠶᠢᠨ ᠵᠦᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠵᠦᠪᠯᠡᠯ ᠤᠨ ᠳᠡᠳ᠋ ᠲᠡᠷᠢᠭᠦᠯᠡᠭᠴᠢ︔       2022 ᠣᠨ ᠤ 1 ᠰᠠᠷ᠎ᠠ ᠠᠴᠠ ᠣᠳᠤᠬᠢ ᠲᠤᠰᠢᠶᠠᠯ ᠳᠤ ᠪᠣᠢ᠃       ᠠᠵᠢᠯ ᠤᠨ ᠬᠤᠪᠢᠶᠠᠷᠢ᠄ ᠡᠷᠬᠢᠯᠡᠭᠴᠢ ᠶᠢ ᠬᠠᠮᠵᠢᠨ᠂ ᠨᠠᠮ ᠤᠨ ᠪᠠᠶᠢᠭᠤᠯᠤᠯᠲᠠ᠂ ᠡᠳ᠋ ᠤᠨ ᠵᠠᠰᠠᠭ ᠠᠵᠤ ᠠᠬᠤᠢ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠦᠰᠦᠪ ᠤᠨ ᠠᠵᠢᠯ ᠤᠨ ᠵᠦᠪᠯᠡᠯ᠂ ᠠᠯᠪᠠᠨ ᠭᠡᠷ ᠢ ᠬᠠᠮᠢᠶᠠᠷᠤᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠵᠠᠰᠠᠭ ᠤᠨ ᠣᠷᠳᠤᠨ ᠤ ᠠᠯᠪᠠᠨ ᠭᠡᠷ᠂ ᠤᠯᠤᠰ ᠲᠦᠷᠦ ᠶᠢᠨ ᠵᠦᠪᠯᠡᠯᠭᠡᠨ ᠤ ᠠᠯᠪᠠᠨ ᠭᠡᠷ᠂ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶ᠎ᠠ ᠶᠢᠨ ᠣᠷᠤᠨ ᠲᠤᠭ᠎ᠠ ᠶᠢᠨ ᠠᠯᠪᠠᠨ ᠭᠡᠷ᠂ ᠨᠠᠮ ᠤᠨ ᠰᠤᠷᠭᠠᠭᠤᠯᠢ᠂ ᠳᠠᠩᠰᠠ ᠡᠪᠬᠡᠮᠡᠯ ᠲᠡᠥᠬᠡ ᠣᠶᠢᠯᠠᠯᠭ᠎ᠠ ᠶᠢᠨ ᠣᠷᠳᠤᠨ᠂ ᠠᠵᠢᠯᠴᠢᠨ ᠤ ᠶᠡᠷᠦᠩᠬᠡᠢ ᠡᠪᠯᠡᠯ᠂ ᠬᠤᠶᠢᠴᠢᠸ᠋ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠣᠳᠤᠬᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ  ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠪᠠ ᠪᠡᠯᠡ ᠣᠷᠤᠭᠤᠯᠤᠯᠲᠠ ᠶᠢ ᠠᠬᠢᠭᠤᠯᠬᠤ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ  ᠶᠢᠨ ᠲᠣᠪᠴᠢᠶ᠎ᠠ ︵ᠮᠡᠳᠡᠯᠭᠡ ᠶᠢᠨ ᠦᠮᠴᠢᠯᠡᠬᠦ ᠡᠷᠭᠡ᠂ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠤᠯᠲᠠ  ᠶᠢᠨ ᠠᠵᠢᠯ ᠠᠴᠠ ᠪᠣᠰᠤᠳ︶ ᠬᠠᠩᠭᠠᠨ ᠪᠣᠷᠤᠯᠠᠭᠤᠯᠬᠤ ᠬᠤᠷᠰᠢᠶ᠎ᠠ᠂ ᠯᠢᠨᠳᠦ᠋ᠩ ᠤᠨ ᠠᠵᠤ ᠦᠢᠯᠡᠰ ᠤᠨ ᠲᠣᠪᠤᠷᠢᠭ  ᠤᠨ ᠬᠠᠮᠢᠶᠠᠷᠤᠯᠲᠠ ᠶᠢᠨ ᠠᠯᠪᠠᠨ ᠭᠡᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠪᠠᠭᠠᠷᠢᠨ ᠵᠡᠭᠦᠨ ᠬᠤᠰᠢᠭᠤᠨ ᠳᠠᠬᠢ ᠬᠤᠪᠢᠶᠠᠷᠢ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ  ᠶᠢᠨ ᠪᠠᠭᠠᠷᠢᠨ ᠵᠡᠭᠦᠨ ᠬᠤᠰᠢᠭᠤᠨ ᠤ ᠪᠠᠶᠢᠴᠠᠭᠠᠬᠤ ᠠᠩᠬᠢ᠂ ᠤᠯᠤᠰ ᠤᠨ ᠰᠦᠯᠵᠢᠶ᠎ᠡ ᠶᠢᠨ ᠪᠠᠭᠠᠷᠢᠨ ᠵᠡᠭᠦᠨ ᠬᠤᠰᠢᠭᠤᠨ ᠤ ᠴᠠᠬᠢᠯᠭᠠᠨ ᠬᠠᠩᠭᠠᠬᠤ ᠺᠤᠮᠫᠠᠨᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠪᠠᠭᠠᠷᠢᠨ ᠵᠡᠭᠦᠨ ᠬᠤᠰᠢᠭᠤᠨ ᠤ ᠰᠠᠯᠪᠤᠷᠢ ᠪᠠᠩᠬᠢ᠂ ᠬᠦᠳᠡᠭᠡ ᠲᠤᠰᠬᠤᠨ ᠤ ᠢᠲᠡᠭᠡᠮᠵᠢ ᠶᠢᠨ ᠬᠤᠯᠪᠤᠭᠠᠲᠤ ᠬᠤᠷᠰᠢᠶ᠎ᠠ᠂ ᠮᠦᠩᠭᠦᠨ ᠭᠦᠢᠯᠭᠡᠭᠡᠨ ᠤ ᠨᠢᠭᠡᠴᠡ ᠪᠣᠯᠤᠨ ᠳᠠᠭᠠᠳᠬᠠᠯ ᠤᠨ ᠪᠠᠶᠢᠭᠤᠯᠤᠮᠵᠢ ᠨᠤᠭᠤᠳ᠂ ᠳᠤᠮᠳᠠᠳᠤ ᠤᠯᠤᠰ ᠤᠨ ᠴᠢᠯᠠᠭᠤᠨ ᠲᠣᠰᠤ ᠶᠢᠨ ᠤᠯᠠᠭᠠᠨᠬᠠᠳᠠ ᠶᠢᠨ ᠪᠠᠭᠠᠷᠢᠨ ᠵᠡᠭᠦᠨ ᠬᠤᠰᠢᠭᠤᠨ ᠤ ᠡᠵᠡᠩᠨᠡᠯᠲᠡ ᠶᠢᠨ ᠭᠠᠵᠠᠷ᠂ ᠳᠤᠮᠳᠠᠳᠤ ᠤᠯᠤᠰ  ᠤᠨ ᠴᠢᠯᠠᠭᠤᠨ ᠲᠣᠰᠤᠨ ᠤ ᠬᠢᠮᠢ ᠶᠢᠨ ᠤᠯᠠᠭᠠᠨᠬᠠᠳᠠ ᠶᠢᠨ ᠪᠠᠭᠠᠷᠢᠨ ᠵᠡᠭᠦᠨ ᠬᠤᠰᠢᠭᠤᠨ ᠤ ᠡᠵᠡᠩᠨᠡᠯᠲᠡ ᠶᠢᠨ ᠭᠠᠵᠠᠷ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠲᠠᠪᠤᠰᠤᠨ ᠤ ᠦᠢᠯᠡᠰ ᠤᠨ ᠬᠢᠵᠠᠭᠠᠷᠲᠤ ᠺᠤᠮᠫᠠᠨᠢ ᠶᠢᠨ ᠪᠠᠭᠠᠷᠢᠨ ᠵᠡᠭᠦᠨ ᠬᠤᠰᠢᠭᠤᠨ ᠤ ᠳᠤᠬᠢᠷᠠᠭᠤᠯᠤᠨ ᠬᠦᠷᠭᠡᠬᠦ ᠲᠦᠪ᠂ ᠨᠠᠪᠴᠢᠨ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ᠂ ᠳᠤᠮᠳᠠᠳᠤ ᠤᠯᠤᠰ ᠤᠨ ᠬᠠᠮᠲᠤᠷᠠᠭᠰᠠᠨ ᠰᠦᠯᠵᠢᠶᠡᠨ ᠤ ᠴᠢᠮᠡᠭᠡ ᠬᠤᠯᠪᠤᠭ᠎ᠠ ᠶᠢᠨ ᠬᠢᠵᠠᠭᠠᠷᠲᠤ ᠺᠤᠮᠫᠠᠨᠢ  ᠶᠢᠨ ᠪᠠᠭᠠᠷᠢᠨ ᠵᠡᠭᠦᠨ ᠬᠤᠰᠢᠭᠤᠨ ᠳᠠᠬᠢ ᠬᠤᠪᠢᠶᠠᠷᠢ ᠺᠤᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠤᠭ᠎ᠠ ᠶᠢᠨ ᠴᠢᠮᠡᠭᠡ ᠨᠡᠪᠲᠡᠷᠡᠯᠭᠡ ᠶᠢᠨ ᠪᠦᠯᠦᠭᠯᠡᠯ ᠤᠨ ᠥᠪᠥᠷ ᠮᠣᠩᠭᠤᠯ ᠬᠢᠵᠠᠭᠠᠷᠲᠤ ᠺᠤᠮᠫᠠᠨᠢ ᠶᠢᠨ ᠪᠠᠭᠠᠷᠢᠨ ᠵᠡᠭᠦᠨ ᠬᠤᠰᠢᠭᠤᠨ  ᠳᠠᠬᠢ ᠬᠤᠪᠢᠶᠠᠷᠢ ᠺᠤᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠪᠠᠭᠠᠷᠢᠨ ᠵᠡᠭᠦᠨ ᠬᠤᠰᠢᠭᠤᠨ ᠳᠠᠬᠢ ᠬᠤᠪᠢᠶᠠᠷᠢ ᠺᠤᠮᠫᠠᠨᠢ ᠲᠠᠢ ᠬᠠᠷᠢᠯᠴᠠᠨ᠎ᠠ᠃ ᠡᠷᠬᠢᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号