ᠦ᠋ ᠸᠧᠢ ᠳ᠋ᠦᠩ
ᠨᠡᠶᠢᠲᠡᠯᠡᠭᠰᠡᠨ ᠴᠠᠭ᠄
2021/3/15
      ᠲᠣᠪᠴᠢ ᠨᠠᠮᠲᠠᠷ᠄       ᠦ᠋ ᠸᠧᠢ ᠳ᠋ᠦᠩ᠂ ᠡᠷᠡᠭᠲᠡᠢ᠂ ᠬᠢᠲᠠᠳ ᠦᠨᠳᠦᠰᠦᠲᠡᠨ᠂ 1967 ᠣᠨ ᠤ 1 ᠰᠠᠷ᠎ᠠ ᠳᠤ ᠥᠪᠥᠷ ᠮᠣᠩᠭᠤᠯ ᠤᠨ ᠪᠠᠭᠠᠷᠢᠨ ᠵᠡᠭᠦᠨ ᠬᠤᠰᠢᠭᠤᠨ ᠳᠤ ᠲᠦᠷᠦᠵᠠᠢ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ 1984 ᠣᠨ ᠤ 11 ᠰᠠᠷ᠎ᠠ ᠳᠤ ᠠᠵᠢᠯ ᠤᠨ ᠭᠠᠷᠤᠭ᠎ᠠ ᠠᠪᠴᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠦᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ  ᠤᠨ ᠳᠡᠳ᠋ ᠱᠦᠵᠢ᠂ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ  ᠤᠨ ᠪᠠᠶᠢᠩᠭᠤ ᠶᠢᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃

      1984 ᠣᠨ ᠤ 11 ᠰᠠᠷ᠎ᠠ — 1987 ᠣᠨ ᠤ 10 ᠰᠠᠷ᠎ᠠ ᠪᠣᠯᠲᠠᠯ᠎ᠠ ᠴᠢᠯᠦᠭᠡᠯᠡᠬᠦ ᠴᠡᠷᠢᠭ ᠤᠨ

51396 ᠴᠡᠷᠢᠭ ᠠᠩᠬᠢ ᠳᠤ ᠠᠯᠪᠠ ᠬᠠᠭᠠᠪᠠ︔

      1987 ᠣᠨ ᠤ 10 ᠰᠠᠷ᠎ᠠ — 1998 ᠣᠨ ᠤ 3 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠶᠧ ᠵᠦ ᠭᠸᠦ ᠰᠢᠶᠠᠩ ᠤᠨ ᠡᠷᠡᠭᠦᠯ ᠬᠠᠮᠠᠭᠠᠯᠠᠯ ᠤᠨ ᠲᠤᠰᠠᠯᠠᠭᠴᠢ᠂ ᠲᠦᠯᠦᠪᠯᠡᠭᠡᠲᠦ ᠦᠷᠡᠵᠢᠯ ᠤᠨ ᠲᠤᠰᠠᠯᠠᠭᠴᠢ᠂

ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ᠂ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ︔

      1998 ᠣᠨ ᠤ 3 ᠰᠠᠷ᠎ᠠ — 2003 ᠣᠨ ᠤ 4 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠨᠠᠮ ᠤᠨ ᠬᠤᠷᠢᠶ᠎ᠠ ᠶᠢᠨ ᠠᠬᠠᠮᠠᠳ ᠺᠠᠳ᠋ᠷ ᠤᠨ ᠲᠣᠪᠴᠢᠶ᠎ᠠ᠂ ᠬᠤᠰᠢᠭᠤᠨ ᠤ ᠰᠢᠭᠤᠳ ᠬᠠᠷᠢᠶ᠎ᠠ ᠠᠵᠢᠯ ᠤᠨ ᠵᠦᠪᠯᠡᠯ᠂

ᠵᠣᠬᠢᠶᠠᠨ ᠪᠠᠶᠢᠭᠤᠯᠬᠤ ᠬᠡᠯᠲᠡᠰ ᠤᠨ ᠭᠡᠰᠢᠭᠦᠨ︔

      2003 ᠣᠨ ᠤ 4 ᠰᠠᠷ᠎ᠠ — 2005 ᠣᠨ ᠤ 1 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠲᠠᠰᠤᠭ ᠤᠨ ᠳᠡᠳ᠋ ᠡᠷᠬᠢᠯᠡᠭᠴᠢ

ᠭᠡᠰᠢᠭᠦᠨ︔

      2005 ᠣᠨ ᠤ 1 ᠰᠠᠷ᠎ᠠ — 2006 ᠣᠨ ᠤ 1 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠹᠧᠩ ᠱᠦᠢ ᠱᠠᠨ ᠪᠠᠯᠭᠠᠰᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ

ᠬᠤᠷᠢᠶᠠᠨ ᠤ ᠱᠦᠵᠢ︔

      2006 ᠣᠨ ᠤ 1 ᠰᠠᠷ᠎ᠠ — 2006 ᠣᠨ ᠤ 10 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠪᠢᠯᠡᠭᠦᠲᠡᠢ ᠪᠠᠯᠭᠠᠰᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ

ᠱᠦᠵᠢ︔

      2006 ᠣᠨ ᠤ 10 ᠰᠠᠷ᠎ᠠ — 2009 ᠣᠨ ᠤ 12 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ

 ᠤ ᠪᠢᠯᠡᠭᠦᠲᠡᠢ ᠪᠠᠯᠭᠠᠰᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ

ᠱᠦᠵᠢ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ

ᠲᠡᠷᠢᠭᠦᠯᠡᠭᠴᠢ︔

      2009 ᠣᠨ ᠤ 12 ᠰᠠᠷ᠎ᠠ — 2011 ᠣᠨ ᠤ 4 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠠᠬᠠᠮᠠᠳ ᠺᠠᠳ᠋ᠷ ᠤᠨ ᠲᠣᠪᠴᠢᠶᠠᠨ ᠤ ᠳᠠᠷᠤᠭ᠎ᠠ︔

      2011 ᠣᠨ ᠤ 4 ᠰᠠᠷ᠎ᠠ — 2013 ᠣᠨ ᠤ 1 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠬᠠᠮᠠᠳ ᠺᠠᠳ᠋ᠷ ᠤᠨ ᠲᠣᠪᠴᠢᠶᠠᠨ ᠤ

ᠳᠠᠷᠤᠭ᠎ᠠ︔

      2013 ᠣᠨ ᠤ 4 ᠰᠠᠷ᠎ᠠ — 2016 ᠣᠨ ᠤ 3 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠨᠠᠮ ᠤᠨ ᠲᠦᠯᠦᠭᠡᠯᠡᠭᠴᠢ ᠲᠠᠢ

ᠬᠠᠷᠢᠯᠴᠠᠬᠤ ᠠᠯᠪᠠᠨ ᠭᠡᠷ ᠤᠨ ᠡᠷᠬᠢᠯᠡᠭᠴᠢ︔

      2016 ᠣᠨ ᠤ 3 ᠰᠠᠷ᠎ᠠ — 2018 ᠣᠨ ᠤ 5 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠬᠠᠷᠠᠬᠠᠳᠠ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ︔

      2018 ᠣᠨ ᠤ 5 ᠰᠠᠷ᠎ᠠ — 2020 ᠣᠨ ᠤ 7 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠪᠢᠯᠡᠭᠦᠲᠡᠢ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ︔

      2020 ᠣᠨ ᠤ 7 ᠰᠠᠷ᠎ᠠ — 2021 ᠣᠨ ᠤ 4 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠪᠢᠯᠡᠭᠦᠲᠡᠢ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠦᠪ

 ᠤᠨ ᠡᠷᠬᠢᠯᠡᠭᠴᠢ︔

      2021 ᠣᠨ ᠤ 4 ᠰᠠᠷ᠎ᠠ — 2021 ᠣᠨ ᠤ 7 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠬᠡᠯᠲᠡᠰ ᠤᠨ ᠳᠠᠷᠤᠭ᠎ᠠ︔

      2021 ᠣᠨ ᠤ 7 ᠰᠠᠷ᠎ᠠ — 2022 ᠣᠨ ᠤ 1 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ

ᠬᠠᠮᠲᠤ ᠨᠠᠮ ᠤᠨ ᠤᠯᠤᠰ ᠲᠦᠷᠦ ᠶᠢᠨ ᠵᠦᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠵᠦᠪᠯᠡᠯ ᠤᠨ ᠨᠠᠮ ᠤᠨ

ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ᠂ ᠬᠤᠰᠢᠭᠤᠨ ᠤ ᠨᠠᠮ

 ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠬᠡᠯᠲᠡᠰ ᠤᠨ ᠳᠠᠷᠤᠭ᠎ᠠ︔

      2022 ᠣᠨ ᠤ 1 ᠰᠠᠷ᠎ᠠ ᠠᠴᠠ ᠣᠳᠤᠬᠢ ᠲᠤᠰᠢᠶᠠᠯ ᠳᠤ ᠪᠣᠢ᠃

      ᠠᠵᠢᠯ ᠤᠨ ᠬᠤᠪᠢᠶᠠᠷᠢ᠄ ᠲᠡᠷᠢᠭᠦᠯᠡᠭᠴᠢ ᠶᠢᠨ ᠠᠵᠢᠯ ᠳᠤ ᠬᠠᠮᠵᠢᠯᠴᠠᠨ᠎ᠠ᠃ ᠬᠤᠰᠢᠭᠤᠨ ᠤ ᠤᠯᠤᠰ ᠲᠦᠷᠦ

 ᠶᠢᠨ ᠵᠦᠪᠯᠡᠯᠭᠡᠨ ᠤ ᠠᠯᠪᠠᠨ ᠭᠡᠷ᠂ ᠮᠡᠳᠡᠭᠡ ᠵᠠᠩᠬᠢ ᠪᠣᠯᠤᠨ ᠭᠡᠰᠢᠭᠦᠨ ᠲᠠᠢ ᠬᠠᠷᠢᠯᠴᠠᠬᠤ ᠵᠦᠪᠯᠡᠯ ᠢ ᠬᠠᠮᠢᠶᠠᠷᠤᠨ᠎ᠠ᠃

ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ

ᠠᠯᠪᠠᠨ ᠭᠡᠷ᠂ ᠵᠠᠰᠠᠭ ᠤᠨ ᠣᠷᠳᠤᠨ ᠤ ᠠᠯᠪᠠᠨ ᠭᠡᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ

ᠵᠦᠪᠯᠡᠯ ᠤᠨ ᠪᠠᠶᠢᠭᠤᠯᠭ᠎ᠠ᠂ ᠵᠣᠬᠢᠶᠠᠨ ᠪᠠᠶᠢᠭᠤᠯᠬᠤ ᠬᠡᠯᠲᠡᠰ᠂ ᠨᠢᠭᠡᠲᠦᠮᠡᠯ ᠹᠷᠤᠨᠲ ᠤᠨ ᠬᠡᠯᠲᠡᠰ᠂ ᠣᠷᠤᠨ ᠲᠤᠭ᠎ᠠ

 ᠶᠢᠨ ᠠᠯᠪᠠᠨ ᠭᠡᠷ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠵᠢᠯᠴᠢᠨ ᠤ ᠶᠡᠷᠦᠩᠬᠡᠢ ᠡᠪᠯᠡᠯ᠂ ᠡᠪ

ᠬᠠᠮᠲᠤ ᠵᠠᠯᠠᠭᠤᠴᠤᠳ ᠤᠨ ᠪᠠᠭᠠᠷᠢᠨ ᠵᠡᠭᠦᠨ ᠬᠤᠰᠢᠭᠤᠨ ᠤ ᠬᠤᠷᠢᠶ᠎ᠠ᠂ ᠡᠮᠡᠭᠲᠡᠶᠢᠴᠦᠳ ᠤᠨ ᠬᠤᠯᠪᠤᠭᠠᠲᠤ ᠬᠤᠷᠠᠯ᠂

ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠦᠪᠯᠡᠯ᠂ ᠵᠡᠮᠳᠡᠭᠴᠦᠳ ᠤᠨ ᠬᠤᠯᠪᠤᠭᠠᠲᠤ ᠬᠤᠷᠠᠯ᠂ ᠤᠯᠠᠭᠠᠨ

ᠵᠠᠭᠠᠯᠮᠠᠶᠢᠲᠠᠨ ᠤ ᠨᠡᠶᠢᠭᠡᠮᠯᠢᠭ᠂ ᠨᠠᠪᠴᠢᠨ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ᠂ ᠰᠢᠤᠳᠠᠨ ᠤ ᠶᠠᠪᠤᠳᠠᠯ ᠤᠨ

ᠲᠣᠪᠴᠢᠶ᠎ᠠ᠂ ᠳᠤᠮᠳᠠᠳᠤ ᠤᠯᠤᠰ ᠤᠨ ᠨᠢᠭᠡᠲᠦᠮᠡᠯ ᠬᠤᠯᠪᠤᠭ᠎ᠠ ᠶᠢᠨ ᠪᠠᠭᠠᠷᠢᠨ ᠵᠡᠭᠦᠨ ᠬᠤᠰᠢᠭᠤᠨ ᠳᠠᠬᠢ ᠬᠤᠪᠢᠶᠠᠷᠢ

ᠺᠤᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠶᠢᠨ ᠪᠠᠭᠠᠷᠢᠨ ᠵᠡᠭᠦᠨ ᠬᠤᠰᠢᠭᠤᠨ ᠳᠠᠬᠢ ᠬᠤᠪᠢᠶᠠᠷᠢ

ᠺᠤᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠤᠭ᠎ᠠ ᠶᠢᠨ ᠪᠠᠭᠠᠷᠢᠨ ᠵᠡᠭᠦᠨ ᠬᠤᠰᠢᠭᠤᠨ ᠳᠠᠬᠢ ᠬᠤᠪᠢᠶᠠᠷᠢ

ᠺᠤᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠤ ᠰᠢᠲᠠᠮᠠᠬᠠᠢ ᠭᠡᠢ ᠶᠢᠨ ᠬᠤᠪᠢ ᠣᠷᠤᠭᠤᠯᠤᠭᠰᠠᠨ ᠬᠢᠵᠠᠭᠠᠷᠲᠤ

ᠺᠤᠮᠫᠠᠨᠢ ᠶᠢᠨ ᠦᠪᠦᠷ ᠮᠣᠩᠭᠤᠯ ᠤᠨ ᠤᠯᠠᠭᠠᠨᠬᠠᠳᠠ ᠶᠢᠨ ᠪᠠᠭᠠᠷᠢᠨ ᠵᠡᠭᠦᠨ ᠬᠤᠰᠢᠭᠤᠨ ᠤ ᠡᠵᠡᠩᠨᠡᠯᠲᠡ ᠶᠢᠨ ᠭᠠᠵᠠᠷ᠂

ᠦᠪᠦᠷ ᠮᠣᠩᠭᠤᠯ ᠤᠨ ᠤᠯᠠᠭᠠᠨᠬᠠᠳᠠ ᠬᠤᠲᠠ ᠶᠢᠨ ᠳᠠᠪᠤᠰᠤ ᠶᠢᠨ ᠦᠢᠯᠡᠰ ᠤᠨ ᠺᠤᠮᠫᠠᠨᠢ ᠶᠢᠨ ᠪᠠᠭᠠᠷᠢᠨ ᠵᠡᠭᠦᠨ

ᠬᠤᠰᠢᠭᠤᠨ ᠳᠠᠬᠢ ᠬᠤᠪᠢᠶᠠᠷᠢ ᠺᠤᠮᠫᠠᠨᠢ ᠲᠠᠢ ᠬᠠᠷᠢᠯᠴᠠᠨ᠎ᠠ᠃ ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠢ

ᠭᠦᠢᠴᠡᠳᠬᠡᠨ᠎ᠡ᠃

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号