3 ᠳ᠋ᠤᠭᠠᠷ ᠰᠠᠷ᠎ᠠ ᠶᠢᠨ 22 ᠤᠨ ᠡᠳᠦᠷ᠂ ᠳᠤᠮᠳᠠᠳᠤ ᠤᠯᠤᠰ ᠤᠨ ᠰᠠᠨ ᠰᠢᠶᠠ ᠤᠨ ᠪᠦᠯᠦᠭᠯᠡᠯ ᠪᠤᠯᠤᠨ ᠪᠠᠭᠠᠷᠢᠨ | ᠵᠡᠭᠦᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠷᠭᠢᠯᠡᠭᠰᠡᠨ ᠨᠢᠭᠡᠳᠦᠭᠡᠷ ᠬᠤᠭᠤᠴᠠᠭᠠᠨ ᠤ ︽ | ᠦᠵᠡᠰᠬᠦᠯᠡᠩᠲᠦ ᠰᠠᠶᠢᠬᠠᠨ ᠬᠡᠷ ᠣᠷᠣᠨ ᠤ ᠪᠥᠲᠥᠭᠡᠨ ᠪᠠᠶᠢᠭᠤᠯᠤᠯᠲᠠ︾ ᠶᠢᠨ ᠪᠣᠯᠪᠠᠰᠤᠷᠠᠯ ᠤᠨ ᠠᠩᠭᠢ ᠯᠢᠨᠳᠦ᠋ᠩ | ᠪᠠᠯᠭᠠᠰᠤᠨ ᠤ ᠲᠠᠢ ᠫᠢᠩ ᠵᠤᠸᠠᠩ ᠲᠣᠰᠬᠤᠨ ᠳᠤ ᠡᠬᠢᠯᠡᠪᠡ᠃ ᠯᠢᠨᠳᠦ᠋ᠩ ᠪᠠᠯᠭᠠᠰᠤᠨ ᠤ ᠬᠤᠯᠪᠣᠭᠳᠠᠯ ᠪᠦᠬᠦᠢ | ᠤᠳᠤᠷᠢᠳᠤᠯᠭ᠎ᠠ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠲᠣᠰ ᠤᠳᠠᠭᠠᠨ ᠤ ᠪᠣᠯᠪᠠᠰᠤᠷᠠᠭᠤᠯᠤᠯ ᠨᠢ ᠥᠷᠭᠡᠨ ᠣᠯᠠᠨ ᠭᠠᠴᠠᠭᠠᠨ ᠤ ᠠᠷᠠᠳ ᠢ ᠦᠵᠡᠯ ᠰᠠᠨᠠᠭ᠎ᠠ ᠪᠠᠨ ᠨᠢᠭᠡᠳᠬᠡᠨ | ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠪᠠᠷ | ᠥᠯᠢᠭᠡᠷ ᠳᠠᠭᠤᠷᠢᠶᠠᠯ ᠪᠣᠯᠭᠠᠨ᠂ ᠬᠡᠷ ᠤᠨ ᠡᠳ᠋ᠯᠡᠯ ᠬᠡᠷᠡᠭᠰᠡᠯ ᠢᠶᠠᠨ ᠭᠤᠶᠣᠵᠢᠭᠤᠯᠬᠤ᠂ ᠬᠡᠷ ᠤᠨ ᠰᠤᠷᠲᠠᠯ ᠤᠨ | ᠬᠥᠮᠦᠵᠢᠯ ᠬᠢᠬᠦ᠂ ᠬᠡᠷ ᠬᠦᠷᠢᠶ᠎ᠡ ᠪᠠᠨ ᠵᠢᠷᠤᠵᠤ ᠲᠥᠯᠥᠪᠯᠡᠬᠦ ᠵᠡᠷᠭᠡ ᠪᠣᠯᠪᠠᠰᠤᠨ ᠤ ᠠᠵᠢᠯᠯᠠᠭ᠎ᠠ ᠪᠠᠷ ᠳᠠᠮᠵᠢᠭᠤᠯᠤᠨ᠂ | ᠠᠮᠢ ᠠᠬᠤᠶ ᠭᠤᠶᠣ ᠰᠠᠶᠢᠬᠠᠨ᠂ ᠥᠩᠭᠡ ᠦᠵᠡᠮᠵᠢ ᠭᠤᠶᠣ ᠰᠠᠶᠢᠬᠠᠨ᠂ ᠰᠢᠨ᠎ᠡ ᠬᠡᠪ ᠰᠤᠷᠲᠠᠯ ᠭᠤᠶᠣ ᠰᠠᠶᠢᠬᠠᠨ | ᠣᠷᠣᠰᠢᠨ ᠰᠠᠭᠤᠬᠤ ᠳᠤ ᠲᠠᠭᠠᠯᠠᠮᠵᠢᠲᠠᠶ᠂ ᠤᠶᠢᠯᠡᠰ ᠪᠦᠲᠦᠭᠡᠬᠦ ᠳᠤ ᠲᠠᠭᠠᠯᠠᠮᠵᠢᠲᠠᠶ᠂ ᠦᠵᠡᠰᠬᠦᠯᠡᠩᠲᠦ ᠰᠠᠶᠢᠬᠠᠨ᠂ | ᠡᠷᠡᠭᠦᠯ ᠰᠠᠷᠠᠭᠤᠯ ᠠᠶᠢᠯ ᠲᠣᠰᠬᠤᠨ ᠢ ᠪᠣᠶ ᠪᠣᠯᠭᠠᠬᠤ ᠶᠢ ᠤᠷᠢᠶᠠᠯᠠᠭᠰᠠᠨ ᠪᠠᠶᠢᠨ᠎ᠠ᠃ | ᠪᠣᠯᠪᠠᠰᠤᠷᠠᠭᠤᠯᠤᠯ ᠨᠢ ︽ᠲᠠᠪᠤᠨ ᠰᠠᠶᠢᠬᠠᠨ︾ ᠲᠤᠬᠠᠶᠢᠯᠠᠪᠠᠯ ︽ᠬᠤᠭ ᠨᠣᠪᠰᠢ ᠶᠢ ᠲᠥᠷᠥᠯ ᠬᠤᠪᠢᠶᠠᠨ ᠴᠡᠪᠡᠷ | ᠴᠡᠮᠴᠡᠭᠡᠷ᠂ ᠡᠮᠬᠢ ᠵᠢᠷᠤᠮ ᠲᠠᠢ ᠲᠡᠷᠢ ᠲᠡᠭᠰᠢ᠂ ᠮᠣᠳᠣ ᠳᠠᠷᠢᠵᠤ ᠴᠡᠴᠡᠭ ᠳᠠᠷᠢᠨ ᠨᠣᠭᠤᠭᠠᠷᠠᠭᠤᠯᠵᠤ᠂ ᠬᠦᠷᠢᠶ᠎ᠡ | ᠬᠠᠰᠢᠶ᠎ᠠ ᠣᠷᠴᠢᠨ ᠲᠣᠭᠤᠷᠢᠨ ᠵᠣᠬᠢᠴᠠᠩᠭᠤᠶ᠂ ᠬᠠᠮᠤᠭ ᠤᠨ ᠭᠤᠶᠣ ᠬᠡᠷ ᠪᠦᠯᠢ ᠪᠠ ᠪᠠᠶᠠᠷ ᠬᠥᠷ ᠲᠠᠢ︾ | ᠪᠠᠶᠢᠬᠤ ᠪᠠᠷ ᠰᠠᠭᠤᠷᠢ ᠪᠣᠯᠭᠠᠵᠤ᠂ ︽ᠣᠷᠣᠰᠢᠨ ᠰᠠᠭᠤᠬᠤ ᠳᠤ ᠲᠠᠭᠠᠯᠠᠮᠵᠢᠲᠠᠶ ᠦᠵᠡᠰᠬᠦᠯᠡᠩᠲᠦ ᠰᠠᠶᠢᠬᠠᠨ ᠬᠡᠷ | ᠣᠷᠣᠨ ᠢ ᠡᠭᠦᠳᠦᠨ ᠪᠠᠶᠢᠭᠤᠯᠬᠤ︾᠂ ︽ᠣᠶᠤᠨ ᠰᠠᠨᠠᠭᠠᠨ ᠤ ᠦᠵᠡᠰᠬᠦᠯᠡᠩᠲᠦ ᠰᠠᠶᠢᠬᠠᠨ ᠬᠡᠷ ᠣᠷᠣᠨ ᠢ ᠡᠭᠦᠳᠦᠨ | ᠪᠠᠶᠢᠭᠤᠯᠬᠤ︾ ᠬᠤᠶᠠᠷ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠥᠷᠭᠡᠨ ᠣᠯᠠᠨ ᠡᠮᠡᠭᠲᠡᠶᠢᠴᠦᠳ ᠲᠤ | ᠲᠥᠪᠯᠡᠷᠡᠩᠭᠦᠶ ᠲᠠᠶᠢᠯᠤᠮᠵᠢ ᠬᠢᠪᠠ᠃ |