ᠪᠠᠭᠠᠷᠢᠨ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠠᠴᠠ ᠵᠣᠣ ᠤᠳᠠ ᠠᠶᠢᠮᠠᠭ ᠤᠨ ᠵᠠᠬᠢᠷᠭ᠎ᠠ ᠶᠢᠨ ᠮᠦᠽᠧᠶ ᠶᠢᠨ ᠬᠠᠮᠢᠶ᠎ᠠ ᠪᠥᠬᠦᠶ ᠲᠡᠦᠬᠡ ᠶᠢᠨ ᠳᠤᠷᠠᠰᠬᠠᠯᠲᠤ  ᠵᠤᠶᠢᠯᠡᠰ᠂ ᠮᠠᠲ᠋ᠧᠷᠢᠶᠠᠯ ᠢ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/4/8
    ᠪᠠᠭᠠᠷᠢᠨ ᠵᠡᠭᠦᠨ ᠬᠤᠰᠢᠭᠤᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠤᠶᠢᠯᠡᠰ  ᠢ ᠠᠭᠤᠳᠠᠯᠤᠨ ᠬᠠᠮᠠᠭᠠᠯᠠᠬᠤ ᠪᠠ ᠠᠰᠢᠭᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠬᠤᠪᠢᠰᠬᠠᠯ ᠤᠨ ᠲᠡᠦᠬᠡ ᠰᠣᠶᠣᠯ ᠤᠨ ᠵᠣᠷᠢᠭ ᠰᠠᠨᠠᠭ᠎ᠠ ᠶᠢᠨ ᠬᠤᠵᠢᠮ ᠤᠨ ᠬᠥᠮᠦᠰ ᠲᠤ ᠦᠵᠡᠭᠦᠯᠬᠦ ᠰᠡᠩᠬᠡᠷᠡᠭᠦᠯᠦᠯ ᠬᠥᠮᠦᠵᠢᠯ᠂ ᠰᠣᠶᠣᠯ ᠤᠨ ᠤᠯᠠᠮᠵᠢᠯᠠᠯ ᠵᠡᠷᠭᠡ  ᠤᠶᠢᠯᠡᠳᠤᠯ ᠢ ᠨᠠᠩ ᠰᠠᠶᠢᠲᠤᠷ ᠪᠡᠶᠡᠯᠡᠭᠦᠯᠵᠦ᠂ ᠬᠤᠪᠢᠰᠬᠠᠯ ᠤᠨ ᠳᠤᠷᠠᠰᠤᠮᠵᠢ ᠶᠢ ᠦᠯᠡᠳᠡᠭᠡᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠵᠤ᠂ ᠮᠠᠨ ᠤ ᠬᠤᠰᠢᠭᠤᠨ ᠤ ᠬᠤᠪᠢᠰᠬᠠᠯ ᠤᠨ ᠵᠢᠭᠤᠯᠴᠢᠯᠠᠯ ᠤᠨ  ᠤᠶᠢᠯᠡᠰ ᠤᠨ ᠬᠥᠭᠵᠢᠯᠲᠡ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠣᠣ ᠤᠳᠠ ᠠᠶᠢᠮᠠᠭ ᠤᠨ ᠵᠠᠬᠢᠷᠭ᠎ᠠ ᠶᠢᠨ ᠮᠦᠽᠧᠶ ᠶᠢ ᠪᠥᠲᠥᠭᠡᠨ ᠪᠠᠶᠢᠭᠤᠯᠵᠤ᠂ ᠵᠣᠣ ᠤᠳᠠ ᠠᠶᠢᠮᠠᠭ ᠤᠨ ᠵᠠᠬᠢᠷᠭ᠎ᠠ ᠶᠢᠨ ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠳᠠᠬᠢ ᠬᠡᠷᠡᠯ ᠰᠠᠴᠤᠷᠠᠩᠭᠤᠶ ᠤᠨ ᠰᠠᠷ᠎ᠠ ᠶᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠪᠠᠷ ᠲᠣᠭᠲᠠᠪᠠ᠃ ᠤᠳᠤ ᠪᠦᠬᠦ ᠨᠡᠶᠢᠭᠡᠮ ᠠᠴᠠ ᠬᠤᠪᠢᠰᠬᠠᠯᠲᠤ ᠲᠡᠦᠬᠡ ᠶᠢᠨ ᠳᠤᠷᠠᠰᠬᠠᠯᠲᠤ ᠵᠦᠢᠯ᠂ ᠮᠠᠲ᠋ᠧᠷᠢᠶᠠᠯ ᠢ ᠢᠯᠡ ᠪᠠᠷ ᠡᠯᠰᠡᠨ ᠴᠤᠭᠯᠠᠭᠤᠯᠵᠤ ᠪᠠᠶᠢᠨ᠎ᠠ᠂ ᠪᠣᠳᠠᠲᠠᠢ ᠪᠠᠷ ᠵᠠᠷᠯᠠᠬᠤ ᠨᠢ ᠳᠣᠣᠷᠠᠬᠢ ᠮᠡᠲᠦ᠄     ᠨᠢᠭᠡ᠂ ᠡᠯᠰᠡᠬᠦ ᠠᠭᠤᠯᠭ᠎ᠠ     1 . ᠭᠤᠣᠯᠳᠠᠭᠤ 1946 ᠣᠨ ᠤ 5 ᠰᠠᠷ᠎ᠠ ᠠᠴᠠ 1955 ᠣᠨ ᠤ 12 ᠰᠠᠷ᠎ᠠ ᠪᠣᠯᠲᠠᠯ᠎ᠠ ᠵᠣᠣ ᠤᠳᠠ ᠠᠶᠢᠮᠠᠭ ᠤᠨ ᠵᠠᠬᠢᠷᠭ᠎ᠠ ᠶᠢᠨ ᠯᠢᠨᠳᠦ᠋ᠩ ᠳᠤ ᠪᠠᠶᠢᠭᠰᠠᠨ ᠬᠤᠭᠤᠴᠠᠭᠠᠨ ᠳᠠᠬᠢ ᠠᠵᠤ ᠠᠬᠤᠶ᠂ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠦᠰᠦᠭ ᠪᠢᠴᠢᠭ ᠤᠨ ᠮᠠᠲ᠋ᠧᠷᠢᠶᠠᠯ᠂ ᠭᠡᠷᠡᠯ ᠵᠢᠷᠤᠭ ᠤᠨ ᠮᠠᠲ᠋ᠧᠷᠢᠶᠠᠯ᠂ ᠪᠣᠳᠠᠲᠤ ᠪᠣᠳᠠᠰ ᠤᠨ ᠮᠠᠲ᠋ᠧᠷᠢᠶᠠᠯ ᠵᠡᠷᠭᠡ ᠶᠢ ᠴᠤᠭᠯᠠᠭᠤᠯᠵᠤ᠂ ᠴᠠᠭ ᠤᠨ ᠵᠠᠩᠭᠢᠶᠠᠰᠤ ᠶᠢ 1932 ᠣᠨ ᠤ ᠣᠷᠴᠢᠮ ᠤᠨ ᠡᠷᠲᠡ ᠦᠶ᠎ᠡ ᠳᠤ ᠯᠢᠨᠳᠦ᠋ᠩ ᠣᠷᠣᠨ ᠳᠠᠬᠢ ᠨᠠᠮ ᠤᠨ ᠠᠵᠢᠯᠯᠠᠭ᠎ᠠ ᠬᠦᠷᠲᠡᠯ᠎ᠡ ᠦᠷᠭᠦᠯᠵᠢᠯᠡᠭᠦᠯᠵᠦ᠂ ᠰᠡᠭᠦᠯᠡᠷ ᠨᠢ 1960 ᠣᠨ ᠤ ᠣᠷᠴᠢᠮ ᠬᠦᠷᠲᠡᠯ᠎ᠡ ᠤᠷᠲᠤᠳᠬᠠᠨ᠎ᠠ᠃     2᠂ ᠲᠤᠬᠠᠢ ᠶᠢᠨ ᠦᠶ᠎ᠡ ᠳᠤ ᠵᠤᠤ ᠤᠳᠠ ᠠᠶᠢᠮᠠᠭ ᠤᠨ ᠨᠠᠮ ᠵᠠᠰᠠᠭ ᠴᠡᠷᠢᠭ ᠤᠨ ᠤᠳᠤᠷᠢᠳᠤᠯᠭ᠎ᠠ ︵ᠸᠠᠩ ᠢ ᠯᠦᠨ ᠂ ᠴᠢᠤᠸᠠᠨ ᠰᠢᠩ ᠶᠤᠸᠠᠨ᠂ ᠱᠢ ᠷᠦ ᠯᠢᠨ᠂  ᠯᠧᠢ ᠳ᠋ᠠᠢ ᠹᠦ᠋᠂ ᠢᠳᠠᠭᠠᠷᠰᠦ᠋ᠷᠦᠩ᠂ ᠴᠧᠨ ᠡᠯ ᠳ᠋ᠦᠩ᠂ ᠭᠦᠨ ᠭᠠᠳᠠᠨᠷᠤᠪ᠂ ᠭᠤᠤ ᠬᠤᠸᠠ ᠮᠢᠨ᠂ ᠪᠦ᠋  ᠶᠦᠨ  ᠯᠤᠩ᠂ ᠢᠦᠢ ᠴᠦ ᠵᠢᠶᠧ᠂  ᠪᠠᠶᠠᠨᠪᠤᠯᠠᠭ᠂ ᠾᠧ ᠽᠢ ᠵᠠᠩ᠂  ᠠᠮᠢᠨᠪᠦᠭᠡ᠂ ᠯᠢᠦ ᠴᠠᠩ᠂ ᠯᠢ ᠸᠠᠩ ᠬᠤᠸᠠᠢ᠂  ᠰᠢᠤᠢ ᠽᠢ ᠴᠢᠶᠠᠨ᠂ ᠥᠯᠵᠡᠶᠢᠨᠠᠷᠠᠨ᠂ ᠡᠦ ᠭᠤᠸᠠᠩ  ᠸᠧᠨ︶ ᠨᠠᠷ ᠤᠨ ᠦᠢᠯᠡ ᠶᠠᠪᠤᠳᠠᠯ᠂ ᠦᠰᠦᠭ ᠪᠢᠴᠢᠭ ᠤᠨ ᠮᠠᠲ᠋ᠧᠷᠢᠶᠠᠯ᠂ ᠭᠡᠷᠡᠯ ᠵᠢᠷᠤᠭ ᠤᠨ ᠮᠠᠲ᠋ᠧᠷᠢᠶᠠᠯ᠂ ︵ᠰᠤᠷᠪᠤᠯᠵᠢᠯᠠᠭ᠎ᠠ᠂ ᠬᠤᠷᠠᠯ︶ ᠳᠦᠷᠰᠦ ᠰᠢᠩᠭᠡᠭᠡᠯᠲᠡ ᠶᠢᠨ ᠮᠠᠲ᠋ᠧᠷᠢᠶᠠᠯ᠂ ᠪᠢᠴᠢᠭ ᠮᠠᠲ᠋ᠧᠷᠢᠶᠠᠯ᠂ ᠰᠣᠨᠢᠨ᠂ ᠵᠠᠬᠢᠳᠠᠯ ᠴᠢᠮᠡᠭᠡ᠂ ᠪᠢᠴᠢᠯᠭᠡ ᠵᠢᠷᠤᠭ ᠪᠡᠭᠡ ᠶᠢᠨ ᠲᠢᠭ᠂ ᠡᠬᠡ ᠪᠢᠴᠢᠭ᠂ ᠲᠠᠮᠠᠭ᠎ᠠ᠂ ᠦᠨᠡᠮᠯᠡᠯ᠂ ᠠᠯᠪᠠᠨ ᠠᠮᠢᠳᠤᠷᠠᠯ ᠤᠨ ᠬᠡᠷᠡᠭᠰᠡᠯ᠂ ᠳᠤᠷᠠᠰᠤᠮᠵᠢ ᠵᠢᠴᠢ ᠲᠤᠬᠠᠶ ᠶᠢᠨ ᠬᠥᠮᠦᠨ ᠤ ᠬᠠᠳᠠᠭᠠᠯᠠᠭᠰᠠᠨ ᠪᠤᠰᠤᠳ ᠡᠳ᠋ ᠪᠣᠳᠠᠰ ᠵᠡᠷᠭᠡ ᠪᠣᠳᠠᠲᠤ ᠮᠠᠲ᠋ᠧᠷᠢᠶᠠᠯ᠃     3 . ᠵᠣᠣ ᠤᠳᠠ ᠶᠢᠨ ᠴᠢᠭᠤᠯᠭᠠᠨ ᠪᠠᠶᠢᠭᠤᠯᠤᠭᠳᠠᠬᠤ ᠶᠢᠨ ᠤᠷᠢᠳ ᠬᠤᠵᠢᠳ ᠢᠶᠠᠷ ᠪᠠᠭᠠᠲᠤᠷ ᠬᠥᠮᠦᠰ ︵ᠵᠢᠱᠢᠶᠡᠯᠡᠪᠡᠯ᠄   ᠮᠦᠩᠬᠡ ᠦᠯᠵᠢ᠂ ᠵᠣᠣ ᡁᠢ ᠷᠦᠢ᠂ ᠰᠢᠤᠢ ᠬᠠᠨ ᠯᠢᠨ᠂ ᠭᠦᠸᠧ ᠵᠢᠶᠦ᠋ᠨ ᠴᠢᠩ᠂ ᠮᠠ ᠴᠦᠨ ᠢᠦᠶ᠂ ᠰᠡᠴᠡᠨᠴᠣᠭᠲᠤ ᠵᠡᠷᠭᠡ︶ ᠤᠨ ᠪᠠᠭᠠᠲᠤᠷᠯᠢᠭ ᠦᠢᠯᠡ ᠶᠠᠪᠤᠳᠠᠯ᠂ ᠥᠰᠴᠦ ᠪᠤᠶᠢᠵᠢᠭᠰᠠᠨ ᠥᠩᠭᠡᠷᠡᠯᠲᠡ᠂ ᠦᠰᠦᠭ ᠪᠢᠴᠢᠭ ᠭᠡᠷᠡᠯ ᠵᠢᠷᠤᠭ᠂ ᠪᠠᠶᠢᠯᠳᠤᠭᠠᠨ ᠪᠠ ᠠᠵᠢᠯ ᠠᠮᠢᠳᠤᠷᠠᠯ ᠤᠨ ᠬᠡᠷᠡᠭᠰᠡᠯ᠂ ᠵᠠᠬᠢᠳᠠᠯ᠂ ᠭᠡᠷᠡᠴᠢ ᠲᠡᠮᠳᠡᠭ᠂ ᠪᠢᠴᠢᠭ ᠮᠠᠲ᠋ᠧᠷᠢᠶᠠᠯ ᠵᠡᠷᠭᠡ᠃     4 . ᠲᠤᠬᠠᠶ ᠶᠢᠨ ᠦᠶ᠎ᠡ ᠶᠢᠨ ᠨᠡᠶᠢᠭᠡᠮ ᠤᠨ ᠡᠯ᠎ᠡ ᠳᠠᠪᠬᠤᠷᠭ᠎ᠠ ᠶᠢᠨ ᠦᠢᠯᠡᠳᠪᠦᠷᠢᠯᠡᠯ ᠠᠮᠢᠳᠤᠷᠠᠯ ᠪᠠ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠲᠤᠰᠬᠠᠭᠰᠠᠨ ᠲᠡᠦᠬᠡ ᠶᠢᠨ ᠳᠤᠷᠠᠰᠬᠠᠯᠲᠤ ᠵᠦᠢᠯ ᠤᠨ ᠮᠠᠲ᠋ᠧᠷᠢᠶᠠᠯ ︵ᠵᠢᠱᠢᠶᠡᠯᠡᠪᠡᠯ ᠦᠢᠯᠡᠳᠪᠦᠷᠢᠯᠡᠯ ᠠᠮᠢᠳᠤᠷᠠᠯ ᠤᠨ ᠪᠠᠭᠠᠵᠢ᠂ ᠬᠡᠷᠡᠭᠰᠡᠯ᠂ ᠬᠠᠭᠤᠴᠢᠨ ᠭᠡᠷᠡᠯ ᠵᠢᠷᠤᠭ᠂ ᠭᠠᠵᠠᠷ ᠰᠢᠷᠣᠶ ᠶᠢᠨ ᠭᠡᠷ᠎ᠡ᠂ ᠦᠨᠡᠮᠯᠡᠯ ᠂ ᠱᠠᠩᠨᠠᠯ ᠤᠨ ᠪᠢᠴᠢᠭ᠂ ᠦᠨᠡᠮᠯᠡᠯ᠂ ᠫᠢᠶᠣᠣ ᠪᠠᠷᠢᠮᠲᠠ ᠵᠡᠷᠭᠡ︶᠃     5 . ᠲᠤᠬᠠᠶ ᠶᠢᠨ ᠦᠶ᠎ᠡ ᠶᠢᠨ ᠴᠢᠬᠤᠯᠠ ᠲᠡᠦᠬᠡᠨ ᠬᠥᠮᠦᠰ᠂ ᠬᠡᠷᠡᠭ ᠶᠠᠪᠤᠳᠠᠯ ᠢ ᠲᠤᠰᠬᠠᠵᠤ ᠴᠢᠳᠠᠬᠤ ᠲᠡᠦᠬᠡᠨ ᠮᠠᠲ᠋ᠧᠷᠢᠶᠠᠯ ᠤᠨ ᠰᠦᠪᠡᠭᠴᠢ᠃     ᠬᠤᠶᠠᠷ᠂ ᠡᠯᠰᠡᠬᠦ ᠠᠷᠭ᠎ᠠ ᠮᠠᠶ᠋ᠢᠭ     ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠴᠤᠭᠯᠠᠭᠤᠯᠬᠤ ᠳᠤ ᠨᠡᠶᠢᠭᠡᠮ ᠤᠨ ᠦᠨ᠎ᠡ ᠲᠥᠯᠥᠪᠦᠷᠢ ᠦᠭᠡᠶ ᠪᠡᠯᠡᠭᠯᠡᠨ ᠬᠦᠷᠭᠡᠬᠦ ᠪᠠᠷ ᠭᠤᠣᠯ ᠪᠣᠯᠭᠠᠵᠤ᠂ ᠵᠢᠭᠡᠯᠡᠨ ᠬᠡᠷᠡᠭᠯᠡᠬᠦ ᠪᠠ ᠣᠷᠣᠯᠠᠨ ᠬᠠᠮᠢᠶᠠᠷᠬᠤ ᠪᠠᠷ ᠬᠠᠪᠰᠤᠷᠤᠮᠵᠢ ᠪᠣᠯᠭᠠᠨ᠎ᠠ᠃ ︵ᠨᠢᠭᠡ︶ ᠨᠡᠶᠢᠭᠡᠮ ᠤᠨ ᠬᠢᠨ ᠤ ᠬᠠᠨᠳᠢᠪᠯᠠᠨ ᠬᠦᠷᠭᠡᠬᠦ᠃ ᠬᠤᠪᠢ ᠬᠥᠮᠦᠨ᠂ ᠪᠦᠯᠬᠦᠮ ᠤᠨ ᠬᠠᠨᠳᠢᠪᠯᠠᠯ ᠢ ᠭᠥᠯᠢᠶᠡᠨ ᠠᠪᠴᠤ ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠨᠳᠢᠪᠯᠠᠭᠰᠠᠨ ᠦᠨᠡᠮᠯᠡᠯ ᠣᠯᠭᠤᠵᠤ᠂ ᠦᠵᠡᠭᠦᠯᠦᠯᠭᠡ ᠭᠠᠷᠭᠠᠬᠤ ᠦᠶ᠎ᠡ ᠳᠤ ᠬᠠᠨᠳᠢᠪᠯᠠᠭᠰᠠᠨ ᠬᠥᠮᠦᠨ ᠤ ᠣᠪᠣᠭ ᠨᠡᠷ᠎ᠡ ᠪᠠ ᠬᠠᠨᠳᠢᠪᠯᠠᠭᠰᠠᠨ ᠴᠠᠭ ᠢ ᠲᠣᠳᠣᠷᠬᠠᠶᠢᠯᠠᠨ᠎ᠠ᠃ ︵ᠬᠤᠶᠠᠷ︶ ᠵᠣᠬᠢᠬᠤ ᠱᠠᠩᠨᠠᠯ᠃ ᠬᠤᠷᠢᠶᠠᠨ ᠬᠠᠳᠠᠭᠠᠯᠠᠬᠤ ᠡᠳ᠋ ᠢᠶᠠᠨ ᠬᠠᠨᠳᠢᠪᠯᠠᠨ ᠭᠠᠷᠭᠠᠬᠤ ᠳᠤᠷᠠᠲᠠᠢ ᠪᠠᠶᠢᠪᠠᠯ᠂ ᠲᠡᠦᠬᠡ ᠶᠢᠨ ᠳᠤᠷᠠᠰᠬᠠᠯᠲᠤ ᠵᠦᠢᠯ ᠢ ᠬᠤᠪᠣᠷ ᠨᠠᠨᠳᠢᠨ ᠢᠶᠠᠷ ᠦᠵᠡᠵᠦ ᠵᠣᠬᠢᠰᠲᠠᠢ ᠪᠠᠷ ᠱᠠᠩᠨᠠᠨ ᠬᠥᠬᠢᠭᠦᠯᠬᠦ ᠶᠢᠨ ᠬᠠᠮᠲᠤ ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠤᠨ ᠮᠡᠳᠡᠭᠡᠯᠡᠬᠦ ᠬᠡᠷᠡᠭᠲᠡᠢ᠃ ︵ᠭᠤᠷᠪᠠ︶ ᠵᠢᠭᠡᠯᠡᠵᠦ ᠬᠡᠷᠡᠭᠯᠡᠬᠦ ᠪᠤᠶᠤ ᠬᠠᠳᠠᠭᠠᠯᠠᠭᠤᠯᠬᠤ᠃ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠭᠴᠢ ᠠᠴᠠ ᠪᠡᠯᠡᠭᠯᠡᠨ ᠬᠦᠷᠭᠡᠬᠦ ᠳᠤᠷ᠎ᠠ ᠦᠭᠡᠢ ᠪᠣᠯ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠵᠢᠭᠡᠯᠡᠵᠦ ᠬᠡᠷᠡᠭᠯᠡᠬᠦ ᠲᠦᠷ ᠬᠠᠳᠠᠭᠠᠯᠠᠬᠤ ᠬᠡᠯᠡᠯᠴᠡᠭᠡᠷ ᠲᠣᠭᠲᠠᠵᠤ᠂ ᠵᠤᠤ ᠤᠳᠠ ᠠᠶᠢᠮᠠᠭ ᠤᠨ ᠵᠠᠬᠢᠷᠭ᠎ᠠ ᠶᠢᠨ ᠮᠦᠽᠧᠢ ᠠᠴᠠ ᠠᠶᠤᠯ ᠦᠭᠡᠢ ᠬᠠᠳᠠᠭᠠᠯᠠᠬᠤ ᠪᠠ ᠬᠠᠮᠠᠭᠠᠯᠠᠵᠤ᠂ ᠥᠮᠴᠢᠯᠡᠬᠦ ᠡᠷᠬᠡ ᠵᠢ‌ᠨᠢ ᠮᠥᠨ ᠪᠣᠳᠠᠰ ᠤᠨ ᠡᠵᠡᠨ ᠳᠤ ᠬᠠᠷᠢᠶᠠᠯᠠᠭᠤᠯᠤᠨ᠎ᠠ᠃     ᠭᠤᠷᠪᠠ᠂ ᠡᠯᠰᠡᠬᠦ ᠴᠠᠭ ᠲᠣᠰ ᠤᠳᠠᠭᠠᠨ ᠤ ᠡᠯᠰᠡᠬᠦ ᠠᠵᠢᠯᠯᠠᠭ᠎ᠠ ᠨᠢ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ ᠣᠷᠳᠣ ᠬᠤᠭᠤᠴᠠᠭ᠎ᠠ ᠪᠠᠷ ᠬᠦᠴᠦᠨ ᠲᠠᠢ ᠪᠣᠯᠤᠨ᠎ᠠ ︵ᠲᠥᠪᠯᠡᠷᠡᠭᠦᠯᠦᠨ ᠡᠯᠰᠡᠬᠦ ᠴᠠᠭ ᠨᠢ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 2021 ᠣᠨ ᠤ 6 ᠰᠠᠷ᠎ᠠ ᠶᠢᠨ 30 ᠤ ᠡᠳᠦᠷ ᠪᠣᠯᠲᠠᠯ᠎ᠠ︶᠃     ᠲᠦᠷᠪᠡ᠂ ᠬᠠᠷᠢᠯᠴᠠᠬᠤ ᠬᠡᠯᠪᠡᠷᠢ     ᠬᠤᠰᠢᠭᠤ ᠨᠠᠮ ᠤᠨ   ᠬᠤᠷᠢᠶ᠎ᠡ  ᠂ ᠬᠤᠰᠢᠭᠤ ᠵᠠᠰᠠᠭ ᠤᠨ ᠣᠷᠳᠣᠨ ᠰᠤᠳᠤᠯᠬᠤ ᠪᠠᠷ ᠲᠠᠮᠵᠢᠨ᠂ ᠵᠤᠤ ᠤᠳᠠ ᠠᠶᠢᠮᠠᠭ ᠤᠨ ᠵᠠᠬᠢᠷᠭ᠎ᠠ ᠶᠢᠨ ᠮᠦᠽᠧᠢ ᠶᠢ ᠪᠡᠯᠡᠳᠬᠡᠨ ᠪᠠᠶᠢᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠵᠥᠪᠯᠡᠯ ᠳᠤ ᠪᠠᠶᠢᠭᠤᠯᠵᠠᠢ᠂ ᠬᠠᠷᠢᠯᠴᠠᠬᠤ ᠬᠠᠶ᠋ᠢᠭ᠄ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 3031 ᠲᠠᠰᠤᠭ ︵ᠤᠯᠤᠰ ᠲᠦᠷᠦ ᠶᠢᠨ ᠵᠥᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠬᠤᠷᠢᠶᠠᠨ ᠤ ᠠᠯᠪᠠᠨ ᠭᠡᠷ︶᠂ ᠰᠢᠦᠳᠠᠨ ᠨᠣᠮᠧᠷ᠄ 025450᠂ ᠡᠯᠧᠺᠲᠷᠣᠨ ᠰᠢᠦᠳᠠᠨ ᠬᠠᠶᠢᠷᠴᠠᠭ᠄ blzzzxbgs @ 163 . com     ᠬᠠᠷᠢᠯᠴᠠᠬᠤ ᠬᠥᠮᠦᠨ ᠪᠠ ᠠᠷᠭ᠎ᠠ᠄ ᠯᠢᠦ  ᠸᠧᠨ ᠵᠢᠶᠠᠩ 1384806569 ᠼᠤᠤ ᠶᠠ‌‍ᠸᠧᠨ 15947559072     ᠲᠣᠭᠲᠠᠮᠠᠯ ᠳ᠋ᠢᠶᠠᠩᠬᠤᠸᠠ᠄ 04767860518 / 7861019
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号