ᠴᠠᠭᠠᠨᠬᠠᠳᠠ ᠰᠤᠮᠤ ᠨᠢ ︽ᠣᠯᠠᠨ ᠳᠦᠮᠡᠨ ᠤ ᠪᠠᠴᠢᠮ ᠣᠴᠢᠷ ᠢ ᠴᠠᠭ ᠳᠤᠬᠠᠢ ᠳᠤᠨᠢ ᠰᠢᠢᠳᠪᠦᠷᠢᠯᠡᠵᠤ᠂ | ᠣᠯᠠᠨ ᠳᠦᠮᠡᠨ ᠤ ᠪᠣᠳᠣᠬᠰᠠᠨ ᠣᠴᠢᠷ ᠢ ᠪᠦᠳᠦᠭᠡᠵᠤ᠂ ᠤᠯᠠᠨ ᠳᠦᠮᠡᠨ ᠤ ᠰᠠᠨᠠᠭ᠎ᠠ ᠪᠤᠯᠳᠠᠭ ᠣᠴᠢᠷ ᠢ | ᠰᠢᠢᠳᠪᠦᠷᠢᠯᠡᠵᠤ᠂ ᠣᠯᠠᠨ ᠳᠦᠮᠡᠨ ᠤ ᠳᠦᠪᠡᠭ ᠲᠠᠢ ᠣᠴᠢᠷ ᠢ ᠰᠢᠢᠳᠪᠦᠷᠢᠯᠡᠬᠦ︾ ᠵᠠᠷᠴᠢᠮ ᠢ ᠪᠠᠷᠢᠮᠳᠠᠯᠠᠵᠤ᠂ ︽ | ᠣᠯᠠᠨ ᠳᠦᠮᠡᠨ ᠳᠤ ᠦᠢᠯᠡᠴᠢᠯᠡᠬᠦ᠂ ᠤᠯᠠᠨ ᠳᠦᠮᠡᠨ ᠳᠤ ᠪᠣᠳᠠᠳᠣ ᠣᠴᠢᠷ ᠰᠢᠢᠳᠪᠦᠷᠢᠯᠡᠵᠤ ᠦᠭᠬᠦ︾ ᠶᠢ ᠠᠵᠢᠯ | ᠤᠨ ᠢᠶᠠᠨ ᠪᠦᠬᠦᠶᠢᠯᠡ ᠶᠠᠪᠤᠴᠠ ᠳᠤ ᠪᠠᠷᠢᠮᠳᠠᠯᠠᠵᠤ᠂ ᠤᠯᠠᠨ ᠳᠦᠮᠡᠨ ᠤ ᠣᠷᠣᠯᠭ᠎ᠠ ᠶᠢ ᠨᠡᠮᠡᠭᠳᠡᠬᠦᠯᠬᠦ᠂ ᠠᠮᠢᠳᠣᠷᠠᠯ | ᠤᠨ ᠬᠢᠷᠢ ᠳᠦᠪᠰᠢᠨ ᠢ ᠳᠡᠭᠡᠭᠰᠢᠯᠡᠭᠦᠯᠬᠦ ᠪᠦᠬᠦ ᠳᠡᠭᠡᠷ᠎ᠡ ᠬᠦᠴᠣᠨ ᠢᠶᠠᠨ ᠳᠠᠯᠪᠢᠵᠤ᠂ ᠭᠤᠤᠯᠯᠠᠬᠴᠢ ᠠᠵᠤ ᠦᠢᠯᠡᠰ | ᠢᠶᠠᠷ ᠦᠷᠬᠡᠨ ᠣᠯᠠᠨ ᠳᠦᠮᠡᠨ ᠤ ᠪᠠᠶᠠᠵᠢᠯ ᠤᠨ ᠵᠠᠮ ᠢ ᠦᠷᠭᠡᠳᠬᠡᠬᠦ ᠪᠠᠷ ᠴᠢᠷᠮᠠᠶᠢᠵᠤ ᠪᠤᠢ᠃ | 6 ᠰᠠᠷ᠎ᠠ ᠶᠢᠨ 8 ᠤ ᠡᠳᠦᠷ᠂ ᠴᠠᠭᠠᠨᠬᠠᠳᠠ ᠰᠤᠮᠤ ᠨᠢ ︽ᠴᠢᠮ᠎ᠠ ᠳᠤ ᠬᠠᠮᠵᠢᠵᠤ ᠮᠠᠯ ᠳᠡᠵᠢᠭᠡᠪᠦᠷᠢ | ᠠᠷᠠᠴᠢᠯᠠᠬᠤ ᠴᠢᠳᠠᠪᠤᠷᠢ ᠶᠢ ᠳᠡᠭᠡᠭᠰᠢᠯᠡᠭᠦᠯᠵᠤ᠂ ᠪᠠᠶᠠᠵᠢᠯ ᠤᠨ ᠵᠠᠮ ᠢ ᠦᠷᠭᠡᠳᠬᠡᠬᠦ︾ ᠪᠣᠯᠪᠠᠰᠣᠷᠠᠯ ᠤᠨ ᠠᠩᠬᠢ | ᠡᠷᠬᠢᠯᠡᠵᠤ᠂ ᠤᠯᠠᠭᠠᠨᠬᠠᠳᠠ ᠬᠤᠳᠠ ᠶᠢᠨ ᠬᠡᠷᠡᠭᠯᠡᠬᠡᠨ ᠤ ᠮᠡᠷᠭᠡᠵᠢᠯ ᠤᠨ ᠳᠣᠰᠬᠠᠢ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠮᠠᠯ ᠠᠵᠤ ᠠᠬᠤᠢ ᠶᠢᠨ ᠰᠠᠯᠪᠤᠷᠢ ᠶᠢᠨ ᠳᠡᠭᠡᠳᠦ ᠳᠡᠰ ᠤᠨ ᠪᠠᠭᠰᠢ ᠶᠢ ᠵᠠᠯᠠᠨ ᠠᠪᠴᠢᠷᠠᠵᠤ | ᠳᠣᠰᠬᠠᠢ ᠰᠡᠳᠦᠪᠳᠦ ᠬᠢᠴᠢᠶᠡᠯ ᠳᠠᠶᠢᠯᠤᠮᠵᠢ ᠬᠢᠯᠭᠡᠪᠠ᠃ | ᠪᠣᠯᠪᠠᠰᠣᠷᠠᠯ ᠨᠢ ᠦᠭᠡᠷ ᠠᠷᠠᠴᠢᠯᠠᠨ ᠳᠡᠵᠢᠭᠡᠬᠦ᠂ ᠦᠭᠡᠷ ᠤᠨ ᠦᠷᠭᠦᠯᠵᠢ ᠭᠠᠷᠳᠠᠭ ᠭᠡᠮ ᠬᠢᠵᠢᠭ ᠢ | ᠰᠡᠷᠬᠡᠶᠢᠯᠡᠨ ᠵᠠᠰᠠᠬᠤ᠂ ᠰᠢᠨ᠎ᠠ ᠮᠠᠶ᠋ᠢᠭ ᠤᠨ ᠮᠠᠯ ᠠᠵᠤ ᠠᠬᠤᠢ ᠶᠢᠨ ᠠᠷᠠᠴᠢᠯᠠᠨ ᠳᠡᠵᠢᠭᠡᠬᠦ ᠠᠷᠭ᠎ᠠ ᠠᠪᠴᠢᠯ ᠵᠡᠷᠬᠡ | ᠬᠡᠳᠦᠨ ᠳᠠᠯ᠎ᠠ ᠠᠴᠠ ᠳᠣᠰᠬᠠᠢ ᠳᠠᠶᠢᠯᠤᠮᠵᠢ ᠬᠢᠵᠠᠢ᠂ ᠪᠤᠯᠪᠠᠰᠣᠷᠠᠯ ᠳᠤ ᠡᠯ᠎ᠠ ᠭᠠᠴᠠᠭ᠎ᠠ ᠶᠢᠨ ᠺᠠᠳ᠋ᠷ ᠵᠢᠴᠢ ᠮᠠᠯᠴᠢᠳ | ᠪᠦᠬᠦ ᠨᠡᠶᠢᠳᠡ 120 ᠭᠠᠷᠣᠢ ᠬᠦᠮᠦᠨ ᠣᠷᠣᠯᠴᠠᠵᠠᠢ᠃ | ᠪᠣᠯᠪᠠᠰᠣᠷᠠᠯ ᠤᠨ ᠠᠩᠬᠢ ᠡᠷᠬᠢᠯᠡᠬᠦ ᠪᠠᠷ ᠳᠠᠮᠵᠢᠵᠤ᠂ ᠣᠯᠠᠨ ᠳᠦᠮᠡᠨ ᠳᠤ ᠮᠠᠯ ᠠᠵᠤ ᠠᠬᠤᠢ ᠠᠷᠠᠴᠢᠨ | ᠳᠡᠵᠢᠭᠡᠬᠦ ᠮᠡᠳᠡᠯᠭᠡ ᠮᠠᠷᠭᠡᠵᠢᠯ ᠡᠵᠡᠮᠰᠢᠭᠦᠯᠦᠭᠰᠡᠨ ᠮᠦᠷᠳᠡᠭᠡᠨᠤᠯᠠᠨ ᠳᠦᠮᠡᠨ ᠢ ᠳᠠᠭᠠᠭᠤᠯᠵᠤ ᠨᠡᠩ ᠰᠢᠨᠵᠢᠯᠡᠬᠦ | ᠤᠬᠠᠭᠠᠨᠴᠢ ᠮᠠᠯ ᠠᠵᠤ ᠠᠬᠤᠢ ᠠᠷᠠᠴᠢᠯᠠᠨ ᠳᠡᠵᠢᠬᠡᠬᠦ ᠬᠦᠭᠵᠢᠯᠳᠡ ᠶᠢᠨ ᠵᠠᠬᠪᠤᠷ ᠢ ᠰᠦᠪᠡᠭᠴᠢᠯᠡᠵᠤ᠂ ᠪᠦᠬᠦ | ᠰᠣᠮᠣᠨ ᠤ ᠦᠭᠡᠷ ᠤᠨ ᠠᠵᠤ ᠦᠢᠯᠡᠰ ᠤᠨ ᠪᠦᠬᠦ ᠳᠠᠯ᠎ᠠ ᠪᠠᠷ ᠬᠦᠭᠵᠢᠬᠦ᠂ ᠪᠠᠶᠠᠵᠢᠯ ᠤᠨ ᠵᠠᠮ ᠢ ᠦᠷᠭᠡᠳᠬᠡᠬᠦ ᠶᠢ | ᠣᠯᠠᠮ ᠨᠢᠬᠡ ᠠᠯᠬᠤᠮ ᠠᠬᠢᠭᠤᠯᠵᠤ ᠴᠢᠳᠠᠬᠰᠠᠨ ᠪᠠᠶᠢᠨ᠎ᠠ᠃ | | | |