ᠬᠦᠴᠢᠷ ᠪᠡᠷᠬᠡᠰᠢᠶᠡᠯ ᠢ ᠢᠯᠠᠨ ᠳᠠᠪᠠᠵᠤ ᠠᠭᠤᠤ ᠦᠢᠯᠡᠰ ᠢ ᠴᠣᠭᠴᠠᠯᠠᠨ᠂ ᠤᠬ ᠰᠠᠨᠠᠭ᠎ᠠ ᠪᠠᠨ ᠦᠯᠦ ᠮᠠᠷᠲᠠᠵᠤ ᠠᠶᠠᠨ | ᠵᠠᠮ ᠳᠠᠭᠠᠨ ᠲᠠᠬᠢᠨ ᠮᠣᠷᠳᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ︽ᠠᠭᠤᠤ ᠶᠡᠭᠡ ᠠᠶᠠᠨ︾ 28 ᠤ ᠤᠷᠤᠢ ᠤᠯᠤᠰ ᠤᠨ ᠪᠡᠶ᠎ᠡ ᠶᠢᠨ ᠲᠠᠮᠢᠷ ᠤᠨ | ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ | ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ | 2 ᠲᠦᠮᠡ ᠰᠢᠬᠠᠮ ᠦᠵᠡᠭᠴᠢᠳ ᠲᠠᠢ ᠬᠠᠮᠲᠤ ᠲᠣᠭᠯᠠᠯᠲᠠ ᠶᠢ ᠰᠣᠨᠢᠷᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠲᠤᠷᠰᠢᠬᠢ ᠰᠦᠷ ᠳᠠᠯᠠᠶᠢᠴᠠᠲᠠᠢ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ | ᠬᠠᠮᠲᠤ ᠪᠠᠷ ᠡᠷᠭᠢᠴᠡᠭᠦᠯᠵᠦ᠂ ᠠᠭᠤᠤ ᠶᠡᠭᠡ ᠨᠠᠮ ᠤᠨ ᠢᠶᠠᠨ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠰᠢᠨ᠎ᠡ | ᠠᠶᠠᠨ ᠳᠠᠭᠠᠨ ᠮᠣᠷᠳᠠᠵᠤ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠬᠤ ᠶᠢ ᠬᠠᠮᠲᠤ ᠪᠠᠷ ᠵᠥᠩᠨᠡᠪᠡ᠃ | 6 ᠰᠠᠷ᠎ᠠ ᠶᠢᠨ 28 ᠤ ᠤᠷᠤᠢ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ | ᠤᠢ ᠶᠢ ᠪᠡᠯᠭᠡᠯᠡᠬᠦ ᠤᠷᠠᠨ ᠰᠠᠶᠢᠬᠠᠨ ᠤ ᠲᠣᠭᠯᠠᠯᠲᠠ ︽ᠠᠭᠤᠤ ᠶᠡᠭᠡ ᠠᠶᠠᠨ︾ ᠤᠯᠤᠰ ᠤᠨ ᠪᠡᠶ᠎ᠡ ᠶᠢᠨ ᠲᠠᠮᠢᠷ ᠤᠨ | ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ | ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ | ᠂ 2 ᠲᠦᠮᠡ ᠰᠢᠬᠠᠮ ᠦᠵᠡᠭᠴᠢᠳ ᠲᠠᠢ ᠬᠠᠮᠲᠤ ᠲᠣᠭᠯᠠᠯᠲᠠ ᠶᠢ ᠰᠤᠨᠢᠷᠬᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ | ᠰᠥᠨᠢ ᠶᠢᠨ ᠬᠥᠰᠢᠭᠡᠨ ᠳᠣᠣᠷᠠᠬᠢ ᠣᠯᠢᠮᠫᠢᠺ ᠤᠨ ᠲᠥᠪ ᠲᠣᠭᠤᠷᠢᠭ ᠲᠤ ᠭᠡᠷᠡᠯ ᠭᠢᠯᠪᠠᠭ᠎ᠠ ᠰᠠᠴᠤᠷᠠᠵᠤ᠂ | ᠤᠨᠴᠠ ᠶᠢᠨ ᠭᠤᠶᠢᠳᠠ ᠰᠠᠶᠢᠬᠠᠨ ᠬᠠᠷᠠᠬᠳᠠᠨ᠎ᠠ᠂ ᠪᠠᠶᠠᠷ ᠪᠠᠶᠠᠰᠤᠯ ᠲᠠᠢ ᠳᠤᠮᠳᠠᠳᠤ ᠤᠯᠤᠰ ᠤᠨ ᠵᠠᠩᠭᠢᠶᠠᠳᠦ ᠳ᠋ᠧᠩ ᠤᠨ | ᠵᠠᠰᠠᠯ᠂ ᠨᠢᠳᠤᠨ ᠳᠤ ᠢᠯᠡᠭᠡᠨ ᠪᠡᠯᠭᠡᠯᠡᠬᠦ ᠠᠵᠢᠯᠯᠠᠭ᠎ᠠ ᠶᠢᠨ ᠢᠯᠡᠷᠭᠡᠶᠢᠯᠡᠯ ᠲᠡᠮᠳᠡᠭ᠂ ᠲᠠᠩᠰᠤᠭ ᠰᠠᠶᠢᠬᠠᠨ ᠣᠷᠢᠶᠠᠮᠠᠯ | ᠯᠣᠣ ᠶᠢᠨ ᠭᠡ ᠲᠠᠢ ᠴᠡᠴᠡᠭ ᠤᠨ ᠪᠠᠭᠠᠨ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠭᠰᠡᠨ ᠵᠠᠭᠤᠨ ᠵᠢᠯ ᠤᠨ | ᠤᠢ ᠶᠢ ᠪᠠᠶᠠᠷᠯᠠᠨ ᠪᠡᠯᠭᠡᠯᠡᠵᠦ ᠪᠠᠶᠢᠭ᠎ᠠ ᠶᠢ ᠬᠠᠷᠠᠭᠤᠯᠤᠨ᠎ᠠ᠃ ᠠᠯᠲᠠᠨ ᠭᠡᠷᠡᠯ ᠰᠠᠴᠤᠷᠠᠬᠰᠠᠨ ᠤᠯᠤᠰ ᠤᠨ ᠪᠡᠶ᠎ᠡ ᠶᠢᠨ | ᠲᠠᠮᠢᠷ ᠤᠨ ᠲᠠᠯᠠᠪᠠᠢ ᠶᠢᠨ ︽ᠰᠢᠪᠠᠭᠤᠨ ᠡᠭᠦᠷ︾ ᠨᠢ ᠭᠦᠨ ᠬᠥᠬᠡ ᠥᠩᠭᠡᠲᠡᠶ ᠤᠯᠤᠰ ᠤᠨ ᠤᠮᠪᠠᠯᠲᠠ ᠶᠢᠨ ᠲᠥᠪ ᠤᠨ ︽ | ᠪᠤᠯᠤᠷ ᠤᠷᠳᠤᠨ︾ ᠲᠠᠢ ᠠᠯᠤᠰ ᠠᠴᠠ ᠦᠩᠭᠡ ᠢᠯᠭᠠᠷᠠᠨ ᠬᠠᠷᠠᠬᠳᠠᠨ᠎ᠠ᠃ | ᠤᠯᠤᠰ ᠤᠨ ᠪᠡᠶ᠎ᠡ ᠶᠢᠨ ᠲᠠᠮᠢᠷ ᠤᠨ ᠲᠠᠯᠠᠪᠤᠷ ᠲᠤ ᠦᠩᠭᠡᠳᠦ ᠳ᠋ᠧᠩ ᠭᠡᠷᠡᠯᠳᠦᠨᠠ᠃ ᠭᠤᠤᠯ ᠲᠠᠶᠢᠰᠠᠨ ᠤ ᠲᠤᠮᠤ | ᠳᠡᠯᠭᠡᠴᠡ ᠳᠡᠭᠡᠷ᠎ᠡ᠂ ᠠᠯᠳᠠᠨ ᠰᠢᠷᠭᠠᠯ ᠨᠠᠮ ᠤᠨ ᠰᠦᠯᠳᠡ ᠤᠯᠠᠭᠠᠨ ᠬᠥᠰᠢᠭᠡᠨ ᠳᠡᠭᠡᠷ᠎ᠠ ᠬᠢᠯᠠᠯᠵᠠᠵᠤ᠂ ᠬᠤᠶᠠᠷ ᠲᠠᠯ᠎ᠠ ᠳᠤᠨᠢ | ︽1921︾ ᠪᠠ ︽2021︾ ᠭᠡᠬᠦ ᠠᠯᠳᠠᠨ ᠦᠰᠦᠭ ᠢ ᠪᠢᠴᠢᠵᠥ ᠡᠯᠬᠦᠵᠡᠢ᠃ ᠲᠠᠶᠢᠰᠠᠨ ᠤ ᠬᠠᠮᠤᠭ ᠤᠨ ᠥᠨᠳᠥᠷ | ᠭᠠᠵᠠᠷ ᠲᠤ᠂ 100 ᠨᠡᠷᠡᠰ ᠶᠣᠰᠣᠯᠠᠯ ᠤᠨ ᠪᠦᠷᠢᠶᠡᠴᠢᠨ ᠳᠦᠪ ᠵᠤᠬᠰᠤᠵᠥ᠂ ᠬᠤᠶᠠᠷ ᠲᠠᠯ᠎ᠠ ᠶᠢᠨ ᠡᠷᠭᠢᠯᠳᠦᠬᠦ ᠳᠠᠶᠢᠰᠠᠨ | ᠵᠠᠰᠠᠯ ᠳᠤᠮᠳᠠ᠂ ᠪᠠᠶᠢᠯᠳᠤᠭᠴᠢᠳ ᠤᠨ ᠬᠦᠷᠦᠭ ᠤᠳ ᠰᠡᠬᠦ᠋ᠢᠨ ᠰᠦᠨᠳᠡᠷᠯᠡᠨ᠎ᠡ᠃ ᠴᠤᠭ ᠵᠢᠪᠬᠤᠭ᠎ᠠ ᠳᠡᠬᠦᠯᠳᠡᠷ | ᠵᠠᠯᠠᠭᠤᠴᠤᠳ ᠭᠠᠷ ᠲᠠᠭᠠᠨ ᠤᠯᠠᠭᠠᠨ ᠥᠩᠭᠡ ᠶᠢᠨ ᠴᠡᠴᠡᠭ ᠪᠠᠷᠢᠵᠤ᠂ ᠲᠠᠶᠢᠰᠠᠨ ᠤ ᠲᠥᠪ ᠲᠤ ᠴᠤᠭᠯᠠᠷᠠᠵᠠᠭᠠᠯᠠ᠃ | 19 ᠴᠠᠭ 57 ᠮᠢᠨᠦ᠋ᠲ ᠤᠨ ᠦᠶ᠎ᠡ ᠪᠠᠷ᠂ ᠪᠠᠶᠠᠰᠬᠤᠯᠠᠩᠲᠤ ᠰᠠᠶᠢᠬᠠᠨ ᠬᠥᠭᠵᠢᠮ ᠤᠨ ᠳᠤᠮᠳᠠ᠂ ᠰᠢ ᠶᠢᠨ ᠫᠢᠩ | ᠵᠡᠷᠭᠡ ᠤᠳᠤᠷᠢᠳᠬᠤ ᠨᠥᠬᠦᠳ ᠲᠡᠷᠢᠭᠦᠯᠡᠭᠴᠢ ᠶᠢᠨ ᠲᠠᠶᠢᠰᠠᠨ ᠳᠤ ᠭᠠᠷᠴᠤ᠂ ᠤᠯᠠᠨ ᠤ ᠵᠦᠭ ᠭᠠᠷ ᠳᠠᠯᠠᠯᠤᠨ | ᠮᠡᠨᠳᠦᠴᠢᠯᠡᠬᠦ ᠳᠤ ᠲᠠᠯᠠᠪᠠᠢ ᠳᠠᠶᠠᠭᠠᠷ ᠢᠶᠠᠨ ᠨᠢᠵᠢᠭᠢᠨᠡᠲᠡᠯ᠎ᠡ ᠠᠯᠠᠭ᠎ᠠ ᠲᠠᠰᠢᠵᠤ ᠪᠠᠶᠠᠷᠯᠠᠯᠳᠤᠨ ᠤᠤᠬᠠᠢᠢᠯᠠᠪᠠ᠃ | ᠬᠦᠷ ᠬᠦᠭᠵᠢᠶᠡᠨᠳᠠᠢ ᠳᠠᠭᠤᠤ ᠶᠢᠨ ᠠᠶᠠᠰ ᠠᠨᠢᠷᠳᠤᠬᠤᠶᠠ᠂ ᠦᠩᠭᠡ ᠢᠯᠭᠠᠷᠠᠭᠰᠠᠨ ᠬᠤᠸᠠᠷ ᠫᠤᠤᠵᠢᠩ ᠠᠴᠠ ︽ | 100︾ ᠬᠡᠮᠡᠬᠦ ᠲᠣᠭᠠᠯᠠᠯ ᠢᠯᠡᠷᠡᠵᠦ᠂ ᠤᠯᠤᠰ ᠤᠨ ᠪᠡᠶ᠎ᠡ ᠶᠢᠨ ᠲᠠᠮᠢᠷ ᠤᠨ ᠲᠠᠯᠠᠪᠠᠢ ᠶᠢᠨ ᠣᠭᠲᠠᠷᠭᠤᠢ ᠳᠤ ᠪᠠᠳᠠᠷᠠᠨ | ᠳᠡᠯᠭᠡᠷᠡᠪᠡ᠃ ᠲᠠᠶᠢᠰᠠᠨ ᠳᠡᠭᠡᠷ᠎ᠡ᠂ ᠭᠢᠯᠠᠯᠵᠠᠭᠰᠠᠨ ᠤᠴᠢ ᠨᠤᠭᠤᠳ ᠨᠠᠮ ᠤᠨ ᠰᠦᠯᠳᠡ ᠶᠢᠨ ᠳᠦᠷᠰᠦ ᠪᠤᠯᠤᠨ ᠪᠦᠷᠢᠯᠳᠦᠵᠤ | ᠂ ᠲᠣᠭᠯᠠᠯᠲᠠ ᠶᠢᠨ ᠬᠥᠰᠢᠭᠡ ᠶᠢ ᠰᠡᠬᠦᠪᠡ᠃ | ᠲᠣᠭᠯᠠᠯᠲᠠ ᠶᠢ ᠲᠣᠮᠣ ᠬᠡᠯᠪᠡᠷᠢ ᠶᠢᠨ ᠦᠵᠡᠭᠳᠡᠯᠲᠦ ᠲᠤᠤᠯᠢᠰ ᠤᠨ ᠬᠡᠯᠪᠡᠷᠢ ᠪᠠᠷ ᠲᠤᠬᠯᠠᠨ ᠦᠵᠡᠬᠦᠯᠵᠦ᠂ ᠨᠡᠶᠢᠲᠡ | ᠳᠥᠷᠪᠡᠨ ᠪᠦᠯᠦᠭ ᠬᠤᠪᠢᠶᠠᠨ᠂ ᠣᠯᠠᠨ ᠵᠦᠢᠯ ᠤᠨ ᠤᠷᠠᠯᠢᠭ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠤᠷᠰᠢ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ | ᠬᠤᠪᠢᠰᠬᠠᠯ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠭᠰᠡᠨ ᠰᠦᠷ ᠳᠠᠯᠠᠶᠢᠴᠠᠳᠠᠢ ᠬᠠᠭᠤᠳᠠᠰᠤ ᠶᠢ ᠠᠮᠢᠳᠤᠯᠢᠭ ᠢᠶᠠᠷ | ᠳᠡᠯᠭᠡᠨ ᠦᠵᠡᠭᠦᠯᠵᠦ᠂ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ | ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠢᠳᠡᠷᠡᠬᠦᠨ ᠠᠯᠬᠤᠭ᠎ᠠ ᠪᠠᠷ ᠤᠮᠤᠭ ᠲᠡᠭᠦᠯᠳᠡᠷ ᠢᠶᠠᠷ | ᠤᠷᠤᠭᠰᠢᠯᠠᠵᠦ ᠪᠠᠶᠢᠭ᠎ᠠ ᠪᠠᠶᠢᠳᠠᠯ ᠢ ᠮᠠᠭᠳᠠᠨ ᠳᠠᠭᠤᠯᠠᠵᠠᠢ᠃ | ︽ᠡᠨᠡ ᠬᠦ ᠲᠦᠷᠦ ᠶᠢᠨ ᠨᠠᠮ ᠯᠠᠪᠲᠠᠢ ᠳᠤᠮᠳᠠᠳᠤ ᠤᠯᠤᠰ ᠢ ᠭᠡᠭᠡᠨ ᠰᠠᠷᠠᠭᠤᠯ ᠢᠷᠡᠭᠡᠳᠦᠢ ᠵᠦᠭ ᠬᠥᠲᠥᠯᠵᠦ᠂ | ᠳᠤᠮᠳᠠᠳᠤᠴᠤᠳ ᠢ ᠰᠠᠶᠢᠨ ᠰᠠᠶᠢᠬᠠᠨ ᠠᠮᠢᠳᠤᠷᠠᠭᠤᠯᠬᠤ ᠶᠤᠮ ᠁︾ ᠭᠡᠵᠤ ᠰᠢ ᠵᠦᠴᠦᠭᠡ ᠪᠣᠯᠤᠨ ᠪᠥᠵᠢᠭ ︽ | ᠥᠷ ᠤᠨ ᠭᠡᠭᠡ︾ ᠳᠤ ᠤᠢᠢᠷ᠎ᠠ ᠦᠶ᠎ᠡ ᠠᠴᠠ ᠨᠠᠭᠠᠰᠢ᠂ ᠳᠤᠮᠳᠠᠳᠤ ᠶᠢᠨ ᠦᠨᠳᠦᠰᠦᠲᠡᠨ ᠬᠠᠯᠠ ᠵᠣᠪᠠᠯᠠᠩ ᠢ ᠬᠠᠰᠢᠷᠠᠲᠠᠯ᠎ᠠ | ᠠᠮᠰᠠᠵᠤ᠂ ᠲᠤᠭ᠎ᠠ ᠲᠣᠮᠰᠢ ᠦᠭᠡᠢ ᠴᠢᠩ ᠵᠤᠷᠢᠬᠳᠠᠨ ᠬᠤᠶᠢᠨ᠎ᠠ ᠬᠤᠶᠢᠨ᠎ᠠ ᠠᠴᠠ ᠪᠠᠨ ᠤᠯᠤᠰ ᠢᠶᠠᠨ ᠠᠪᠤᠷᠠᠵᠤ | ᠠᠷᠠᠳ ᠢᠶᠠᠨ ᠠᠪᠤᠷᠠᠬᠤ ᠦᠨᠡᠨ ᠶᠣᠰᠣ ᠶᠢ ᠡᠷᠢᠯᠬᠢᠯᠡᠵᠦ᠂ 1921 ᠣᠨ ᠪᠤᠯᠬᠤ ᠳᠤ ᠳᠤᠮᠳᠠᠳᠤ ᠤᠯᠤᠰ ᠤᠨ ᠡᠪ ᠬᠠᠮᠲᠤ | ᠨᠠᠮ ᠮᠡᠨᠳᠦᠯᠡᠨ᠂ ᠳᠤᠮᠳᠠᠳᠤ ᠤᠯᠤᠰ ᠤᠨ ᠬᠤᠪᠢᠰᠬᠠᠯ ᠤᠨ ᠳᠦᠷᠰᠦ ᠪᠠᠶᠢᠳᠠᠯ ᠴᠣ᠋ ᠰᠢᠨ᠎ᠡ ᠲᠦᠷᠰᠦ ᠪᠠᠶᠢᠳᠠᠯ ᠲᠠᠢ | ᠪᠣᠯᠤᠭᠰᠠᠨ ᠢ ᠳᠠᠬᠢᠨᠳᠠ ᠬᠠᠷᠠᠭᠤᠯᠵᠠᠢ᠃ ᠨᠢᠭᠡᠳᠦᠭᠡᠷ ᠪᠦᠯᠦᠭ ︽ᠭᠠᠯ ᠢ ᠰᠦᠷᠦᠨ ᠤᠷᠤᠭᠰᠢᠯᠠᠭᠰᠠᠨ ᠨᠢ︾ ᠳᠤ᠂ | ᠦᠵᠡᠭᠳᠡᠯᠲᠦ ᠪᠥᠵᠢᠭ ︽ᠪᠣᠰᠣᠯᠭ᠎ᠠ ᠪᠣᠰᠣᠯᠭ᠎ᠠ︾᠂ ᠳᠠᠭᠤᠤ ᠪᠥᠵᠢᠭ ︽ᠭᠠᠵᠠᠷ ᠰᠢᠷᠣᠢ︾᠂ ᠰᠢ ᠵᠦᠴᠦᠭᠡ ᠪᠣᠯᠤᠨ | ᠪᠥᠵᠢᠭ ︽ᠤᠷᠳᠤ ᠵᠠᠮ ᠤᠨ ᠠᠶᠠᠨ ᠲᠠᠶᠢᠨ︾᠂ ᠦᠵᠡᠭᠳᠡᠯᠲᠦ ᠨᠠᠶᠢᠷᠠᠯ ᠳᠠᠭᠤᠤ ︽ᠤᠷᠠᠶᠢᠯᠠᠨ ᠬᠠᠰᠬᠢᠷᠤᠭᠠᠴᠢ ᠬᠠᠳᠤᠨ | ᠭᠤᠣᠯ ᠮᠢᠨᠢ︾᠂ ᠨᠠᠶᠢᠷᠠᠯ ᠳᠠᠭᠤᠤ ᠪᠣᠯᠤᠨ ᠪᠥᠵᠢᠭ ︽ᠤᠷᠤᠬᠰᠢ ᠪᠠᠨ᠂ ᠤᠷᠤᠬᠰᠢ ᠪᠠᠨ᠂ ᠤᠷᠤᠬᠰᠢ ᠪᠠᠨ︾ ᠵᠡᠷᠭᠡ | ᠲᠣᠭᠯᠠᠯᠲᠠ ᠪᠠᠷ ᠶᠡᠭᠡ ᠬᠤᠪᠢᠰᠬᠠᠯ ᠤᠨ ᠲᠠᠶᠢᠨ ᠤ ᠤᠳᠤᠭ᠎ᠠ ᠳᠤᠮᠳᠠ᠂ ᠪᠡᠷᠬᠡ ᠬᠠᠲᠠᠭᠤᠵᠢᠯᠲᠠᠢ ᠤᠷᠳᠤ ᠵᠠᠮ ᠤᠨ ᠠᠶᠠᠨ | ᠲᠠᠶᠢᠨ ᠤ ᠵᠠᠮ ᠳᠡᠭᠡᠷ᠎ᠡ᠂ ᠶᠠᠫᠣᠨ ᠢ ᠡᠰᠡᠷᠭᠦᠴᠡᠬᠦ ᠲᠠᠶᠢᠨ᠂ ᠴᠢᠯᠥᠭᠡᠯᠡᠬᠦ ᠲᠠᠶᠢᠨ ᠤ ᠲᠠᠯᠠᠪᠤᠷ ᠲᠤ᠂ ᠳᠤᠮᠳᠠᠳᠤ ᠤᠯᠤᠰ ᠤᠨ | ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠢᠰᠤᠲᠤ ᠪᠠᠶᠢᠯᠳᠤᠭᠠᠨ ᠬᠢᠵᠦ | ᠂ ᠳᠤᠭᠰᠢᠨ ᠭᠠᠯ ᠤᠨ ᠳᠤᠮᠳᠠ ᠪᠤᠯᠤᠳ ᠮᠡᠲᠦ ᠬᠠᠲᠠᠭᠤᠵᠢᠭᠰᠠᠨ ᠠᠭᠤᠤ ᠶᠡᠭᠡ ᠲᠡᠦᠬᠡᠨ ᠶᠠᠪᠤᠴᠠ ᠶᠢ ᠠᠮᠢᠳᠤᠯᠢᠭ ᠢᠶᠠᠷ | ᠢᠯᠡᠷᠡᠭᠦᠯᠪᠡ᠃ | ᠬᠠᠭᠤᠴᠢᠨ ᠶᠢᠷᠲᠢᠨᠴᠦ ᠶᠢ ᠦᠭᠡᠷᠡᠴᠢᠯᠡᠭᠰᠡᠨ ᠳᠤᠮᠳᠠᠳᠤ ᠤᠯᠤᠰ ᠤᠨ ᠡᠪ ᠬᠠᠮᠲᠤᠴᠤᠳ ᠰᠢᠨ᠎ᠡ ᠶᠢᠷᠲᠢᠨᠴᠦ ᠶᠢ | ᠪᠠᠶᠢᠭᠤᠯᠵᠤ ᠴᠢᠳᠠᠨ᠎ᠠ ᠦᠦ ᠤᠢᠭᠡᠢ ᠦᠦ︖ ᠬᠤᠶᠠᠳᠤᠭᠠᠷ ᠪᠦᠯᠦᠭ ︽ᠰᠠᠯᠬᠢ ᠪᠣᠷᠣᠭᠠᠨ ᠳᠤ ᠰᠠᠭᠠᠲᠠᠯ ᠦᠭᠡᠢ | ᠤᠷᠤᠬᠰᠢᠯᠠᠭᠰᠠᠨ ᠨᠢ︾ ᠪᠦᠯᠦᠭ ᠨᠢ ᠪᠥᠵᠢᠭ ︽ᠤᠯᠤᠰ ᠪᠠᠶᠢᠭᠤᠯᠤᠭᠳᠠᠬᠤ ᠶᠡᠭᠡ ᠶᠣᠰᠣᠯᠠᠯ︾ ᠢᠶᠠᠷ ᠡᠬᠢᠯᠡᠵᠦ᠂ ᠬᠦᠷ | ᠬᠥᠭᠵᠢᠶᠡᠨ ᠲᠠᠢ ᠨᠡᠶᠢᠭᠡᠮ ᠵᠢᠷᠤᠮᠲᠤ ᠬᠤᠪᠢᠰᠬᠠᠯ ᠪᠣᠯᠤᠨ ᠪᠦᠳᠦᠭᠡᠨ ᠪᠠᠶᠢᠭᠤᠯᠤᠯᠲᠠ ᠶᠢᠨ ᠤᠨ ᠵᠢᠯ ᠤᠳ ᠢ ᠡᠷᠭᠢᠴᠡᠭᠦᠯᠪᠡ᠃ | ᠬᠦᠩᠬᠢᠨᠠᠮᠠ ᠫᠤᠤ ᠶᠢᠨ ᠲᠠᠭᠤᠨ ᠤ ᠳᠤᠮᠳᠠ᠂ ᠦᠵᠡᠭᠳᠡᠯᠲᠦ ᠨᠠᠶᠢᠷᠠᠯ ᠳᠠᠭᠤᠤ ᠪᠣᠯᠤᠨ ᠪᠥᠵᠢᠭ ︽ᠪᠠᠶᠢᠯᠳᠤᠭᠠᠨ ᠤ ᠲᠤᠭ | ᠵᠢᠷᠤᠭ ᠮᠡᠲᠦ ᠭᠤᠶᠣᠬᠠᠨ︾ ᠨᠢ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠣᠷᠭᠢᠯᠤᠮ᠎ᠠ ᠬᠠᠯᠠᠭᠤᠨ ᠲᠡᠶᠢᠨ ᠤ | ᠲᠠᠯᠠᠪᠤᠷ ᠢ ᠢᠯᠡᠷᠡᠭᠦᠯᠵᠦ᠂ ᠰᠠᠶᠢᠨ ᠳᠤᠷ᠎ᠠ ᠶᠢᠨ ᠴᠡᠷᠢᠭ ᠤᠨ ᠪᠠᠶᠢᠯᠳᠤᠭᠴᠢ ᠶᠢᠨ ᠤᠯᠤᠰ ᠣᠷᠣᠨ ᠢᠶᠠᠨ ᠬᠠᠮᠠᠭᠠᠯᠠᠬᠤ | ᠣᠷᠭᠢᠯᠤᠮ᠎ᠠ ᠬᠠᠯᠠᠭᠤᠨ ᠰᠡᠳᠬᠢᠯᠭᠡ ᠶᠢ ᠮᠠᠭᠲᠠᠨ ᠳᠠᠭᠤᠯᠠᠪᠠ᠃ ᠣᠮᠤᠭ ᠲᠡᠭᠦᠯᠳᠡᠷ ᠠᠶᠠᠯᠭᠤ ᠶᠢᠨ ᠳᠤᠮᠳᠠ᠂ ᠰᠢ ᠵᠦᠴᠦᠭᠡ | ᠪᠠ ᠪᠥᠵᠢᠭ ︽ᠣᠷᠭᠢᠯᠤᠮ᠎ᠠ ᠬᠠᠯᠠᠭᠤᠨ ᠤᠨ ᠰᠠᠷ᠎ᠠ︾ ᠨᠢ ᠸᠠᠩ ᠶᠢᠨ ᠰᠢ᠂ ᠱᠢ ᠯᠠᠶ ᠾᠧ᠂ ᠯᠸᠢ ᠹᠧᠩ᠂ ᠴᠢᠶᠠᠨ | ᠰᠢᠤᠸᠠᠢ ᠰᠧᠨ᠂ ᠵᠢᠶᠤᠤ ᠢᠦᠶ ᠯᠦ ᠵᠡᠷᠭᠡ ᠨᠢᠭᠡ ᠪᠦᠯᠦᠭ ᠬᠤᠰᠢᠭᠤᠴᠢ ᠵᠢᠱᠢᠶᠡᠴᠢ ᠶᠢᠨ ᠲᠡᠮᠡᠴᠡᠯ ᠤᠨ ᠳᠦᠷᠢ ᠶᠢ | ᠠᠮᠢᠳᠤᠯᠢᠭ ᠵᠢᠷᠤᠭᠯᠠᠭᠰᠠᠨ ᠪᠠᠶᠢᠨ᠎ᠠ᠃ | ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠪᠣᠰᠴᠤ ᠵᠣᠭᠰᠣᠭᠰᠠᠨ ᠳᠤᠮᠳᠠᠳᠤ ᠤᠯᠤᠰ ᠤᠨ ᠡᠪ ᠬᠠᠮᠲᠤ | ᠨᠠᠮ ᠠᠷᠠᠳ ᠲᠦᠮᠡᠨ ᠢ ᠳᠠᠭᠠᠭᠤᠯᠤᠨ ᠪᠠᠶᠠᠵᠢᠨ ᠴᠢᠨᠡᠭᠡᠯᠢᠭᠵᠢᠵᠤ ᠴᠢᠳᠠᠨ᠎ᠠ ᠦᠦ ᠦᠭᠡᠢ ᠦᠦ︖ ᠨᠠᠮ ᠤᠨ ᠠᠷᠪᠠᠨ | ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠮᠵᠢᠯᠳᠠ ᠲᠠᠢ ᠪᠠᠷ ᠬᠤᠷᠠᠯᠳᠤᠵᠤ᠂ | ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠲᠦ ᠴᠢᠨᠠᠷᠲᠠᠢ ᠬᠠᠷᠢᠭᠤᠯᠲᠠ ᠥᠭᠪᠡ᠃ ᠭᠤᠷᠪᠠᠳᠤᠭᠠᠷ ᠪᠦᠯᠦᠭ ︽ᠬᠦᠴᠢᠷ ᠢ | ᠰᠦᠷᠤᠨ ᠡᠷᠡᠮᠡᠭᠡᠶᠢᠯᠡᠨ ᠤᠷᠤᠬᠰᠢᠯᠠᠭᠰᠠᠨ ᠨᠢ︾ ᠳᠤ᠂ ᠪᠥᠵᠢᠭ ︽ᠬᠠᠪᠤᠷ ᠤᠨ ᠲᠦᠯᠬᠢᠭᠡᠨ ᠣᠶᠢᠯᠤᠨ ᠲᠤᠯᠬᠢᠶᠠᠯᠠᠬᠤᠢ︾ | ᠨᠢ ᠬᠠᠪᠤᠷ ᠤᠨ ᠦᠯᠢᠬᠡᠷ ᠢ ᠬᠦᠰᠡᠯᠡᠩ ᠤᠨ ᠬᠥᠳᠡᠭᠡ ᠲᠠᠯ᠎ᠠ ᠳᠤ ᠳᠡᠯᠭᠡᠵᠦ᠂ ᠳᠠᠭᠤᠤ ᠪᠥᠵᠢᠭ ︽ᠣᠨᠴᠠᠭᠠᠢ ᠣᠷᠣᠨ ᠤ | ᠬᠦᠰᠡᠯ ᠤᠨ ᠠᠶᠠᠯᠭᠤᠨ︾ ᠨᠢ ᠣᠨᠴᠠᠭᠠᠢ ᠣᠷᠣᠨ ᠤ ︽ᠤᠷᠢᠳ ᠢᠶᠠᠷ ᠬᠢᠵᠦ ᠤᠷᠢᠳ ᠢᠶᠠᠷ ᠲᠤᠷᠰᠢᠬᠤ︾ ᠴᠠᠭ ᠦᠶ᠎ᠡ ᠶᠢᠨ | ᠰᠤᠳᠠᠰᠤ ᠶᠢᠨ ᠯᠤᠬᠰᠢᠯᠳᠠ ᠶᠢ ᠢᠯᠡᠷᠡᠭᠦᠯᠦᠨ᠂ ᠦᠵᠡᠭᠳᠡᠯᠲᠦ ᠨᠠᠶᠢᠷᠠᠯ ᠳᠠᠭᠤᠤ ᠪᠣᠯᠤᠨ ᠪᠥᠵᠢᠭ ︽ᠡᠬᠡ ᠤᠯᠤᠰ ᠲᠠᠭᠠᠨ | ᠪᠤᠴᠠᠵᠤ ᠢᠷᠡᠭᠰᠡᠨ ᠴᠠᠭ ᠮᠥᠴᠡ︾ ᠨᠢ ᠰᠢᠶᠠᠩᠭᠠᠩ᠂ ᠤᠦᠮᠧᠨ ᠡᠬᠡ ᠤᠯᠤᠰ ᠤᠨ ᠢᠶᠠᠨ ᠡᠯᠢᠭᠡᠨ ᠳᠤ ᠪᠤᠴᠠᠨ ᠢᠷᠡᠭᠰᠡᠨ ᠢ | ᠪᠠᠶᠠᠷᠯᠠᠨ ᠪᠡᠯᠭᠡᠯᠡᠵᠦ᠂ ᠤᠷᠠᠨ ᠤᠩᠰᠢᠯᠭ᠎ᠠ ᠪᠣᠯᠤᠨ ᠨᠠᠶᠢᠷᠠᠯ ᠳᠠᠭᠤᠤ ︽ᠳᠠᠪᠠᠯᠲᠠ︾ ᠨᠢ ᠪᠠᠷᠠᠭᠤᠡᠳᠡᠬᠢ ᠬᠡᠢ ᠶᠢ ᠵᠡᠭᠦᠨᠰᠢ | ᠳᠠᠮᠵᠢᠭᠤᠯᠬᠤ᠂ ᠪᠠᠷᠠᠭᠤᠨᠳᠡᠬᠢ ᠴᠠᠬᠢᠯᠭᠠᠨ ᠢ ᠵᠡᠭᠦᠨᠰᠢ ᠬᠦᠷᠭᠡᠬᠦ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ᠂ | ᠤᠮᠠᠷᠠᠲᠤ ᠶᠢᠨ ᠨᠡᠭᠦᠷᠡᠰᠦ ᠶᠢ ᠡᠮᠦᠨᠡᠰᠢ ᠵᠥᠭᠡᠭᠡᠪᠦᠷᠢᠯᠡᠬᠦ ᠵᠡᠷᠭᠡ ᠴᠢᠬᠤᠯᠠ ᠶᠡᠭᠡ ᠤᠯᠤᠰ ᠤᠨ ᠢᠨᠵᠧᠨᠧᠷᠢᠩ ᠢ ᠮᠠᠭᠲᠠᠨ | ᠳᠠᠭᠤᠯᠠᠪᠠ᠃ ᠦᠵᠡᠭᠳᠡᠯᠳᠤ ᠪᠦᠵᠢᠭ ︽ᠮᠢᠨᠤ ᠰᠡᠳᠬᠢᠯ ᠳᠠᠬᠢ ᠨᠠᠮ ᠤᠨ ᠲᠤᠭ︾ ᠨᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤᠨ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ︽ᠰᠠᠷᠰ︾ ᠢ ᠡᠰᠡᠷᠭᠦᠴᠡᠵᠦ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠭᠤᠤ ᠶᠡᠭᠡ ᠢᠯᠠᠯᠲᠠ | ᠤᠯᠤᠭᠰᠠᠨ ᠢ ᠢᠯᠡᠷᠡᠬᠦᠯᠵᠠᠢ᠃ ᠨᠠᠶᠢᠷᠠᠯ ᠳᠠᠭᠤᠤ ᠪᠠ ᠪᠥᠵᠢᠭ ︽ᠤᠷᠤᠭᠰᠢᠯᠠᠯᠳᠠ ᠶᠢᠨ ᠭᠠᠯ ᠪᠠᠮᠪᠠᠷ︾ ᠨᠢ ᠪᠡᠭᠡᠵᠢᠩ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠱᠠᠩᠬᠠᠶ ᠶᠢᠨ ᠳᠡᠯᠡᠬᠡᠶ ᠶᠢᠨ ᠦᠵᠡᠰᠬᠦᠯᠡᠩ ᠤᠨ ᠴᠤᠭᠯᠠᠭᠠᠨ᠂ ᠬᠤᠪᠢᠯᠭᠠᠨ | ᠣᠩᠭᠤᠴᠠ ᠳᠣᠯᠣᠳᠤᠭᠠᠷ ᠨᠢᠰᠬᠦ ᠣᠩᠭᠤᠴᠠ ᠶᠢ ᠬᠠᠷᠪᠤᠭᠰᠠᠨ ᠵᠡᠷᠭᠡ ᠬᠥᠮᠦᠰ ᠤᠨ ᠰᠡᠳᠬᠢᠯ ᠢ ᠬᠦᠳᠡᠯᠭᠡᠮ᠎ᠡ ᠲᠡᠦᠬᠡᠨ | ᠪᠠᠶᠢᠳᠠᠯ ᠢ ᠬᠥᠮᠦᠰ ᠲᠤ ᠳᠠᠬᠢᠨᠳᠠ ᠪᠣᠳᠣᠭᠳᠠᠭᠤᠯᠤᠬᠰᠡᠨ ᠪᠠᠶᠢᠨ᠎ᠡ᠃ | ᠳᠥᠷᠪᠡᠳᠦᠭᠡᠷ ᠪᠦᠯᠦᠭ ︽ᠦᠵᠡᠰᠬᠦᠯᠡᠩᠲᠦ ᠰᠠᠶᠢᠬᠠᠨ ᠢᠷᠡᠭᠡᠳᠦᠢ︾ ᠨᠢ ᠰᠢᠨ᠎ᠡ ᠴᠠᠭ ᠦᠶ᠎ᠡ ᠶᠢᠨ ᠠᠤᠭ᠎ᠠ ᠵᠢᠷᠤᠭ | ᠲᠥᠰᠦᠪ ᠢ ᠳᠡᠯᠭᠡᠨ ᠦᠵᠡᠭᠦᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ | ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠵᠢᠯᠣᠭᠤᠳᠴᠤ᠂ ᠨᠠᠮ ᠪᠣᠯᠤᠨ ᠤᠯᠤᠰ ᠤᠨ | ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠢ ᠡᠷᠭᠢᠴᠡᠭᠦᠯᠪᠡ᠃ | ᠰᠢ ᠵᠦᠴᠦᠭᠡ ᠪᠣᠯᠤᠨ ᠳᠠᠭᠤᠤ ᠪᠥᠵᠢᠭ ︽ᠳᠣᠷᠣᠨᠠᠳᠠᠬᠢᠨ ᠤ ᠭᠠᠶᠢᠬᠠᠮᠰᠢᠭ︾ ᠨᠢ ᠮᠢᠨᠨᠢᠩ ᠪᠠᠯᠭᠠᠰᠤ᠂ ᠱᠢ ᠪᠠ ᠳ᠋ᠦᠩ | ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠯᠢᠭᠡᠷ ᠢ ᠶᠠᠷᠢᠵᠤ᠂ ᠳᠤᠮᠳᠠᠳᠤ ᠤᠯᠤᠰ ᠤᠨ | ᠡᠪ ᠬᠠᠮᠲᠤᠴᠤᠳ ᠳᠤᠮᠳᠠᠳᠤ ᠶᠢᠨ ᠦᠨᠳᠦᠰᠦᠲᠡᠨ ᠨᠦᠭᠦᠳ ᠢ ᠬᠦᠳᠦᠯᠦᠨ ᠳᠠᠭᠠᠭᠤᠯᠵᠤ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠦᠭᠰᠡᠨ ᠠᠭᠤᠤ ᠶᠡᠭᠡ ᠢᠯᠠᠯᠲᠠ ᠶᠢ ᠲᠤᠩᠬᠠᠭᠯᠠᠪᠠ᠃ ᠦᠵᠡᠭᠳᠡᠯᠲᠤ ᠨᠠᠶᠢᠷᠠᠯ ᠲᠠᠭᠤᠤ ᠪᠥᠵᠢᠭ ︽ | ᠠᠷᠠᠳ ᠲᠦᠮᠡᠨ ᠢ ᠳᠡᠭᠡᠳᠦᠯᠡᠬᠦ︾ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠤ | ᠲᠠᠷᠠᠭ᠎ᠠ᠂ ᠤᠯᠤᠰ ᠳᠠᠶᠠᠭᠠᠷ ᠬᠦ᠋ᠳᠡᠯᠦᠯᠴᠡᠵᠦ᠂ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠦᠨ ᠪᠦᠬᠦ | ᠠᠷᠠᠳ ᠢᠶᠠᠷ ᠢᠶᠠᠨ ︽ᠬᠢᠵᠢᠭ︾ ᠲᠠᠢ ᠲᠡᠮᠡᠴᠡᠭᠰᠡᠨ ᠢ ᠲᠠᠬᠢᠨ ᠢᠯᠡᠷᠡᠭᠦᠯᠪᠡ᠃ ᠦᠵᠡᠭᠳᠡᠯᠲᠦ ᠳᠠᠭᠤᠤ ᠪᠥᠵᠢᠭ ︽ᠴᠡᠷᠢᠭ ᠢ | ᠬᠦᠴᠦᠷᠬᠡᠭᠵᠢᠭᠦᠯᠬᠦ ᠲᠠᠶᠢᠴᠢᠨ ᠳᠠᠭᠤᠤ︾ ᠨᠢ ᠤᠯᠠᠨ ᠴᠡᠷᠢᠭ ᠤᠨ ᠲᠦᠷᠦᠯ ᠤᠨ ᠨᠢᠭᠡ ᠴᠤᠬᠴᠠᠵᠢᠬᠰᠠᠨ ᠪᠣᠳᠠᠲᠤ | ᠪᠠᠶᠢᠯᠳᠤᠭᠠᠨ ᠤ ᠰᠣᠷᠢᠯᠲᠠ ᠶᠢᠨ ᠪᠣᠳᠠᠲᠤ ᠲᠡᠮᠳᠡᠭᠯᠡᠯ ᠤᠨ ᠲᠣᠭᠯᠠᠯᠲᠠ ᠪᠠᠷ ᠳᠠᠮᠵᠢᠭᠤᠯᠵᠤ᠂ ᠰᠢ ᠶᠢᠨ ᠫᠢᠩ ᠤᠨ ᠴᠡᠷᠢᠭ ᠢ | ᠬᠦᠴᠦᠷᠬᠡᠭᠵᠢᠭᠦᠯᠬᠦ ᠦᠵᠡᠯ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠠᠷᠠᠳ ᠤᠨ ᠴᠡᠷᠢᠭ ᠠᠩᠬᠢ ᠶᠢᠨ ᠲᠤᠮᠤ ᠠᠯᠬᠤᠮ ᠢᠶᠠᠷ | ᠤᠷᠤᠭᠰᠢᠯᠠᠬᠤ ᠣᠮᠤᠭ ᠲᠡᠭᠦᠯᠳᠡᠷ ᠳᠦᠷᠰᠦ ᠪᠠᠶᠢᠳᠠᠯ ᠢ ᠢᠯᠡᠷᠡᠭᠦᠯᠪᠡ᠃ ᠤᠷᠠᠨ ᠤᠩᠰᠢᠯᠭ᠎ᠠ ᠪᠠ ᠨᠠᠶᠢᠷᠠᠯ ᠳᠠᠭᠤᠤ ︽ | ᠤᠯᠤᠰ ᠢᠶᠠᠨ ᠬᠦᠴᠦᠷᠬᠡᠭᠵᠢᠭᠦᠯᠬᠦ ᠬᠦᠴᠦᠨ︾ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠳᠦᠷ ᠢᠷᠡᠬᠦᠶ᠎ᠡ ᠬᠦᠴᠦᠷᠬᠡᠭᠵᠢᠵᠦ ᠪᠠᠶᠢᠭ᠎ᠠ ᠳᠤᠮᠳᠠᠳᠤ | ᠤᠯᠤᠰ ᠤᠨ ᠬᠦᠴᠦᠨ ᠢ ᠢᠯᠡᠷᠡᠭᠦᠯᠪᠡ᠃ ᠬᠡᠩᠭᠡᠷᠭᠡᠨ ᠲᠠᠭᠤᠤ ᠪᠥᠵᠢᠭ ︽ᠰᠢᠨ᠎ᠡ ᠶᠢᠷᠲᠢᠨᠴᠦ︾ ᠳᠤ᠂ ᠳ᠋ᠢᠶᠠᠮᠧᠲᠷ ᠨᠢ 10 | ᠮᠧᠲᠷ ᠤᠨ ᠲᠤᠮᠤ ᠬᠡᠩᠭᠡᠷᠭᠡ ᠪᠣᠯᠤᠨ ᠵᠠᠭᠤᠨ ᠲᠤᠮᠤ ᠬᠡᠩᠭᠡᠷᠭᠡ ᠣᠭᠲᠠᠷᠭᠤᠢ ᠳᠤ ᠪᠦᠵᠢᠭᠯᠡᠵᠤ᠂ ᠵᠠᠭᠤᠨ ᠪᠦᠷᠢᠶᠡᠴᠢᠨ | ᠪᠦᠷᠢᠶ᠎ᠡ ᠪᠠᠨ ᠬᠠᠩᠭᠢᠨᠠᠭᠤᠯᠵᠤ᠂ ᠰᠦᠷ ᠳᠠᠯᠠᠶᠢᠴᠠᠲᠠᠢ᠂ ᠴᠣ ᠰᠢᠨ᠎ᠡ ᠵᠢᠷᠤᠭ ᠳᠦᠷᠰᠦ ᠪᠠᠷ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠦᠷᠯᠢᠭ ᠰᠠᠶᠢᠬᠠᠨ ᠬᠠᠭᠤᠳᠠᠰᠤ ᠶᠢ ᠳᠡᠯᠭᠡᠨ ᠦᠵᠡᠭᠦᠯᠵᠦ᠂ ᠪᠠᠶᠠᠵᠢᠨ | ᠴᠢᠨᠡᠭᠡᠯᠢᠭᠵᠢᠭᠰᠡᠨ ᠠᠴᠠ ᠬᠦᠴᠦᠷᠬᠡᠭᠵᠢᠭᠰᠡᠨ ᠬᠦᠷᠲᠡᠯᠡᠬᠢ ᠲᠡᠦᠬᠡ ᠶᠢᠨ ᠯᠤᠲᠤ ᠶᠡᠭᠡ ᠬᠤᠪᠢᠷᠠᠯᠲᠠ ᠶᠢ ᠵᠢᠷᠤᠭᠯᠠᠵᠤ᠂ | ᠳᠤᠮᠳᠠᠳᠤ ᠶᠢᠨ ᠬᠥᠪᠡᠭᠦᠳ ᠥᠬᠢᠳ ᠤᠨ ᠢᠲᠡᠭᠡᠯ ᠲᠡᠭᠦᠯᠳᠡᠷ ᠢᠶᠠᠷ ᠤᠷᠤᠭᠰᠢᠯᠠᠬᠤ ᠶᠢ ᠤᠷᠢᠶᠠᠯᠠᠪᠠ᠃ ᠬᠦᠭᠵᠢᠮᠳᠡᠬᠦᠷ᠂ | ᠬᠡᠦᠬᠡᠳ ᠤᠨ ᠨᠠᠶᠢᠷᠠᠯ ᠳᠠᠭᠤᠤ ᠪᠣᠯᠤᠨ ᠪᠥᠵᠢᠭ ︽ᠬᠤᠪᠢ ᠵᠠᠶᠠᠭ᠎ᠠ ᠪᠠᠨ ᠬᠠᠮᠲᠤᠳᠬᠠᠶᠠ︾ ᠨᠢ ︽ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠤᠶ᠎ᠠ︾ ᠶᠢᠨ ᠪᠦᠬᠦ ᠪᠥᠮᠪᠥᠷᠴᠡᠭ ᠲᠤ ᠬᠠᠩᠬᠢᠨᠠᠬᠰᠠᠨ | ᠰᠡᠳᠬᠢᠯ ᠤᠨ ᠴᠤᠤᠷᠢᠶ᠎ᠠ ᠶᠢ ᠢᠯᠡᠷᠡᠭᠦᠯᠪᠡ᠃ | ︽ᠠᠶᠠᠯᠠᠯ ᠤᠨ ᠵᠠᠮᠴᠢ︕ ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ︕︾ ︽ᠠᠶᠠᠯᠠᠯ ᠤᠨ ᠵᠠᠮᠴᠢ︾ | ᠬᠡᠬᠦ ᠭᠤᠤᠯ ᠰᠡᠳᠦᠪᠲᠦ ᠠᠶᠠᠰ ᠢ ᠳᠠᠭᠠᠯᠳᠤᠨ᠂ 16 ᠮᠧᠲᠷ ᠥᠨᠳᠥᠷ ᠠᠯᠲᠠᠨ ᠰᠢᠷᠭᠠᠯ ᠨᠠᠮ ᠤᠨ ᠰᠦᠯᠳᠡ ᠲᠥᠪ | ᠶᠡᠬᠡᠮᠰᠦᠭ ᠢᠶᠠᠷ ᠮᠠᠨᠳᠤᠵᠤ᠂ ᠬᠡᠷᠡᠯ ᠭᠢᠯᠪᠠᠭ᠎ᠠ ᠰᠠᠴᠤᠷᠠᠨ᠎ᠠ᠃ ᠳᠠᠭᠤᠤ ᠬᠦᠭᠵᠢᠮ᠂ ᠠᠯᠠᠭ᠎ᠠ ᠲᠠᠰᠢᠯᠳᠠ ᠶᠢᠨ ᠲᠠᠭᠤᠨ | ᠲᠤᠮᠳᠠ 10 ᠲᠤᠮᠤ ᠤᠯᠠᠭᠠᠨ ᠲᠤᠬ ᠤᠯᠠᠯᠵᠠᠨ ᠢᠯᠡᠷᠡᠵᠤ᠂ ᠰᠠᠯᠬᠢᠨ ᠤ ᠠᠶ᠎ᠠ ᠪᠠᠷ ᠨᠠᠮᠢᠷᠠᠨ᠎ᠠ᠃ ︽ᠬᠡᠳᠦᠶ ᠬᠤᠯᠠ | ᠪᠠᠶᠢᠭᠰᠠᠨ ᠴᠤ᠂ ᠲᠠ ᠪᠢᠳᠡᠨ ᠤ ᠬᠠᠵᠠᠭᠤ ᠳᠤ ᠪᠠᠶᠢᠨ᠎ᠠ᠂ ᠢᠲᠡᠭᠡᠯ ᠪᠢᠰᠢᠷᠡᠯ ᠢᠶᠠᠨ ᠡᠭᠦᠷᠢᠳᠡ ᠪᠠᠷᠢᠮᠲᠠᠯᠠᠵᠤ᠂ ᠤᠭ | ᠰᠠᠨᠠᠭ᠎ᠠ ᠪᠠᠨ ᠡᠭᠦᠷᠢᠳᠡ ᠮᠠᠷᠲᠠᠬᠤ ᠦᠭᠡᠢ᠃ ᠠᠷᠠᠳ ᠲᠦᠮᠡᠨ ᠪᠣᠯ ᠳᠠᠷᠤᠢ ᠲᠦᠷᠦ ᠭᠦᠷᠦᠨ ᠮᠥᠨ᠂ ᠴᠢᠨᠦ ᠬᠠᠷᠢᠭᠤᠴᠠᠯᠭ᠎ᠠ | ᠡᠭᠦᠷᠭᠡᠯᠡᠯ ᠢ ᠪᠢᠴᠢᠭᠯᠡᠨ᠎ᠡ ᠁︾ ᠦᠡᠭᠭᠡ ᠢᠯᠭᠠᠷᠠᠭᠰᠠᠨ ᠬᠤᠸᠠᠷ ᠫᠤᠤᠵᠢᠩ ᠰᠥᠨᠢ ᠶᠢᠨ ᠣᠭᠲᠠᠷᠭᠤᠢ ᠶᠢ ᠳᠠᠬᠢᠨᠲᠠ | ᠭᠡᠷᠡᠯᠲᠦᠭᠦᠯᠵᠦ᠂ ᠲᠣᠭᠯᠠᠯᠲᠠ ᠶᠢᠨ ᠠᠭᠤᠷ ᠠᠮᠢᠰᠬᠤᠯ ᠢ ᠤᠷᠬᠢᠯ ᠳᠤ ᠬᠦᠷᠭᠡᠪᠡ᠃ | ᠤᠷᠠᠨ ᠰᠠᠶᠢᠬᠠᠨ ᠤ ᠲᠣᠭᠯᠠᠯᠲᠠ ᠳᠠᠭᠤᠰᠴᠤ᠂ ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ᠂ ︽ᠡᠪ ᠬᠠᠮᠲᠤ ᠨᠠᠮ | ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠬᠤ ᠦᠭᠡᠢ︾ ᠭᠡᠬᠦ ᠳᠠᠭᠤᠤ ᠶᠢ ᠬᠠᠮᠲᠤ ᠪᠠᠷ ᠬᠠᠩᠭᠢᠨᠠᠲᠠᠯ᠎ᠠ ᠳᠠᠭᠤᠯᠠᠵᠤ | ᠂ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠤᠳᠠᠲᠠᠯ᠎ᠠ ᠦᠷᠭᠦᠯᠵᠢᠯᠡᠪᠡ᠃ | ᠲᠣᠭᠯᠠᠯᠲᠠ ᠶᠢ ᠰᠣᠨᠢᠷᠬᠠᠭᠴᠢᠳ ᠲᠤ ᠪᠠᠰᠠ᠄ ᠳ᠋ᠢᠩ ᠰᠢᠤᠸᠠᠢ ᠰᠢᠶᠠᠩ᠂ ᠸᠠᠩ ᠴᠧᠨ᠂ ᠯᠢᠦ ᠾᠧ᠂ ᠰᠢᠤᠢ ᠴᠢ | ᠯᠢᠶᠠᠩ᠂ ᠰᠦᠨ ᠴᠦᠨ ᠯᠠᠨ᠂ ᠶᠠᠩ ᠵᠢᠶᠧ ᠤᠣᠢ᠂ ᠶᠠᠩ ᠰᠢᠶᠣᠤ ᠳ᠋ᠦ᠋᠂ ᠵᠠᠩ ᠶᠢᠦ ᠰᠢᠶᠠ᠂ ᠴᠧᠨ ᠰᠢ᠂ ᠬᠤ᠋ ᠴᠦᠨ | ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠯᠢ ᠷᠦᠢ ᠬᠤᠸᠠᠨ᠂ ᠵᠢᠶᠠ ᠴᠢᠩ ᠯᠢᠨ᠂ ᠵᠠᠩ ᠳ᠋ᠧ | ᠵᠢᠶᠠᠩ᠂ ᠢᠦᠶ ᠵᠧᠩ ᠱᠧᠩ᠂ ᠽᠧᠩ ᠴᠢᠩ ᠬᠤᠩ᠂ ᠡᠤ ᠭᠤᠸᠠᠨ ᠵᠧᠩ᠂ ᠯᠢ ᠴᠠᠩ ᠴᠦᠨ᠂ ᠾᠧ ᠭᠦᠸᠧ ᠴᠢᠶᠠᠩ᠂ | ᠯᠢᠦ ᠶᠦᠨ ᠱᠠᠨ᠂ ᠵᠠᠩ ᠭᠤᠤ ᠯᠢ᠂ ᠶᠢᠦ ᠴᠢᠤᠸᠠᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ | ᠵᠢᠶ ᠪᠢᠩ ᠰᠢᠤᠸᠠᠨ᠂ ᠴᠧᠨ ᠵᠦ᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠥᠩ ᠯᠢ᠂ ᠬᠤᠤ ᠮᠢᠩ ᠶᠢᠨ᠂ ᠼᠠᠢ | ᠳ᠋ᠠ ᠹᠧᠩ᠂ ᠡᠤ ᠸᠧᠶ ᠬᠤᠸᠠ᠂ ᠸᠧᠶ ᠹᠧᠩ ᠾᠧ᠂ ᠸᠠᠩ ᠶᠦᠩ᠂ ᠸᠠᠩ ᠢ᠂ ᠰᠢᠶᠣᠤ ᠵᠢᠶᠧ᠂ ᠵᠣᠣ ᠺᠧ ᡁᠢ᠂ ᠵᠧᠤ | ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠦ ᠴᠢ ᠪᠦᠦ᠂ ᠫᠠᠪᠠᠯᠠ · ᠭᠧᠯᠢᠭᠨᠡᠮᠵᠢᠯ᠂ ᠸᠠᠨ ᠭᠠᠩ᠂ ᠾᠧ ᠾᠧᠦ ᠬᠤᠸᠠ | ᠂ ᠯᠦ ᠵᠠᠨ ᠬᠥᠩ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠦᠦ ᠯᠦᠩ᠂ ᠯᠢ ᠪᠢᠨ᠂ | ᠪᠠᠭᠠᠲᠤᠷ᠂ ᠸᠠᠩ ᠶᠦᠩ ᠴᠢᠩ᠂ ᠾᠧ ᠯᠢ ᠹᠧᠩ᠂ ᠰᠤ᠋ ᠬᠤᠶ᠂ ᠵᠧᠩ ᠵᠢᠶᠠᠨ ᠪᠠᠩ᠂ ᠭᠦ᠋ ᠱᠧᠩ ᠽᠦ᠂ ᠯᠢᠦ ᠰᠢᠨ ᠴᠧᠩ | ᠂ ᠾᠧ ᠸᠧᠶ᠂ ᠱᠤᠤ ᠬᠤᠩ᠂ ᠭᠤᠤ ᠶᠦᠨ ᠯᠦᠩ ᠪᠣᠯᠣᠨ ᠸᠠᠩ ᠯᠧ ᠴᠢᠤᠸᠠᠨ᠂ ᠸᠠᠩ ᠵᠣᠤ ᠭᠦᠸᠧ᠂ ᠬᠤᠶ ᠯᠢᠶᠠᠩ | ᠢᠦᠶ᠂ ᠯᠢᠦ ᠴᠢ᠂ ᠡᠦ ᠢ᠂ ᠼᠤᠤ ᠭᠠᠩ ᠴᠤᠸᠠᠨ᠂ ᠯᠢᠦ ᠶᠠᠨ ᠳ᠋ᠦᠩ᠂ ᠯᠢ ᠶᠤᠸᠠᠨ ᠴᠤᠤ᠂ ᠮᠠ ᠺᠠᠶ᠂ ᠯᠢ ᠵᠢᠶᠠᠨ | ᠭᠦᠸᠧ᠂ ᠹᠠᠨ ᠴᠠᠩ ᠯᠦᠩ᠂ ᠮᠧᠩ ᠵᠢᠶᠠᠨ ᠵᠤ᠋᠂ ᠭᠦᠸᠧ ᠶᠢᠨ ᠯᠦᠩ᠂ ᠾᠧ ᠶᠦᠩ᠂ ᠳ᠋ᠦ᠋ ᠴᠢᠩ ᠯᠢᠨ᠂ ᠵᠣᠤ ᠬᠤᠩ | ᠵᠦ᠂ ᠬᠥ᠋ ᠰᠢᠤ ᠯᠢᠶᠠᠨ᠂ ᠷᠧ ᠳ᠋ᠢ᠂ ᠤᠶᠤᠨᠴᠢᠮᠡᠭ᠂ ᠴᠧᠨ ᡁᠢ ᠯᠢ᠂ ᠵᠧᠦ ᠲᠢᠶᠧ ᠨᠦᠩ᠂ ᠸᠠᠩ ᠱᠧᠩ ᠵᠢᠶᠦ᠋ᠨ᠂ ᠴᠧᠨ | ᠴᠠᠩ ᡁᠢ᠂ ᠵᠠᠩ ᠫᠢᠩ᠂ ᠵᠠᠮᠪᠠᠯᠫᠤᠩᠰᠤᠭ᠂ ᠴᠠᠩ ᠸᠠᠨ ᠴᠢᠤᠸᠠᠨ᠂ ᠵᠢᠶᠠ ᠴᠦᠨ ᠸᠠᠩ᠂ ᠸᠠᠩ ᠵᠥᠩ ᠢᠦᠶ᠂ ᠵᠠᠩ | ᠬᠤᠸᠠᠢ ᠰᠢ᠂ ᠯᠢ ᠮᠧᠩ᠂ ᠪᠠᠶ ᠯᠢ ᠴᠧᠨ᠂ ᠴᠧᠨ ᠺᠦᠶ ᠶᠤᠸᠠᠨ᠂ ᠠᠪᠦ᠋ᠯᠠᠶᠢᠲ᠋ᠢ · ᠠᠪᠦ᠋ᠳᠦ᠋ᠷᠧᠰᠢᠲ᠋ᠢ᠂ ᠯᠢ ᠵᠣᠣ ᠵᠦᠸᠧ᠂ | ᠬᠤᠸᠠᠩ ᠮᠧᠩ ᠹᠦ᠋᠂ ᠵᠠᠩ ᠮᠧᠶ ᠶᠢᠩ᠂ ᠵᠠᠩ ᠷᠦᠩ ᠮᠢᠩ᠂ ᠴᠢᠶᠠᠨ ᠶᠦᠨ ᠯᠦ᠂ ᠰᠦᠨ ᠵᠢᠶᠠ ᠵᠧᠩ᠂ ᠯᠢ ᠶᠢᠨ ᠬᠤᠸᠠ | ᠂ ᠵᠧᠩ ᠸᠠᠨ ᠲᠦᠩ᠂ ᠸᠠᠩ ᡁᠢ ᠵᠧᠨ᠂ ᠬᠠᠨ ᠴᠢ ᠳ᠋ᠧ᠂ ᠯᠦᠸᠧ ᠹᠦ᠋ ᠾᠧ᠂ ᠯᠢ ᠬᠠᠢ ᠹᠧᠩ᠂ ᠴᠧᠨ ᠶᠤᠸᠠᠨ᠂ ᠵᠧᠤ | ᠰᠢᠶᠣᠤ ᠴᠤᠸᠠᠨ᠂ ᠸᠠᠩ ᠵᠢᠶᠠ ᠷᠦᠢ᠂ ᠴᠢ ᠰᠢᠦᠢ ᠴᠦᠨ᠂ ᠯᠢᠦ ᠰᠢᠶᠤᠤ ᠹᠧᠩ᠂ ᠸᠠᠩ ᠴᠢᠨ ᠮᠢᠨ᠂ ᠵᠢᠴᠢ ᠯᠢ ᠽᠦᠸᠧ | ᠴᠧᠩ᠂ ᠮᠢᠶᠣᠣ ᠬᠤᠸᠠ᠂ ᠵᠠᠩ ᠱᠧᠩ ᠮᠢᠨ ᠪᠣᠯᠤᠨ ᠴᠧᠨ ᠪᠢᠩ ᠳ᠋ᠧ᠂ ᠯᠢ ᠵᠢᠶ ᠨᠠᠢ᠂ ᠴᠢᠶᠣᠤ ᠴᠢᠩ ᠴᠧᠨ᠂ ᠵᠢᠩ ᡁᠢ | ᠶᠤᠸᠠᠨ᠂ ᠵᠣᠣ ᠺᠧ ᠱᠢ᠂ ᠡᠤ ᠱᠧᠩ ᠯᠢ᠂ ᠮᠠ ᠰᠢᠶᠣᠤ ᠲᠢᠶᠠᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ | ᠵᠠᠰᠠᠭ ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ | ᠵᠠᠬᠢᠷᠭᠠᠨ ᠤ ᠳᠠᠷᠤᠭ᠎ᠠ ᠾᠧ ᠢ ᠴᠧᠩ ᠨᠠᠷ ᠪᠤᠢ᠃ | ᠪᠡᠭᠡᠵᠢᠩ ᠳᠤ ᠪᠠᠶᠢᠭ᠎ᠠ ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠡᠯ᠎ᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ᠂ ᠠᠬᠠᠮᠠᠳ ᠨᠥᠬᠦᠳ ᠤᠨ ᠲᠥᠯᠥᠭᠡᠯᠡᠭᠴᠢ᠂ ᠪᠡᠭᠡᠵᠢᠩ ᠳᠠᠬᠢ ᠲᠥᠪ ᠠᠴᠠ ᠬᠠᠮᠢᠶᠠᠷᠴᠤ | ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠪᠡᠭᠡᠵᠢᠩ ᠳᠤ | ᠪᠠᠶᠢᠭ᠎ᠠ ᠲᠥᠪ ᠬᠤᠷᠢᠶᠠᠨ ᠤ ᠭᠡᠰᠢᠭᠦᠨ᠂ ᠲᠥᠪ ᠬᠤᠷᠢᠶᠠᠨ ᠤ ᠣᠷᠣᠯᠠᠭᠴᠢ ᠭᠡᠰᠢᠭᠦᠨ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠲᠥᠯᠥᠭᠡᠯᠡᠭᠴᠢ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠤᠯᠤᠰ ᠤᠨ ᠬᠢᠨᠠᠨ | ᠪᠠᠶᠢᠴᠠᠭᠠᠬᠤ ᠵᠥᠪᠯᠡᠯ ᠤᠨ ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠢᠶᠠᠩᠭᠠᠩ ᠣᠣᠮᠧᠨ ᠲᠠᠶᠢᠸᠠᠨ ᠤ | ᠠᠬ᠎ᠠ ᠳᠡᠭᠦᠦ ᠨᠡᠷ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ ᠤᠨ ᠲᠥᠯᠥᠭᠡᠯᠡᠭᠴᠢ᠂ ᠡᠯ᠎ᠡ | ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶᠠᠨ ᠤ ᠪᠡᠭᠡᠵᠢᠩ ᠳᠤ ᠪᠠᠶᠢᠭ᠎ᠠ ᠭᠡᠰᠢᠭᠦᠳ᠂ ᠪᠦᠬᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠡᠭᠡᠵᠢᠩ ᠳᠤ ᠪᠠᠶᠢᠭ᠎ᠠ ᠭᠦᠢᠴᠡᠳᠬᠡᠬᠦ ᠭᠡᠰᠢᠭᠦᠨ ᠪᠠ ᠨᠠᠮ ᠪᠦᠯᠦᠭ ᠤᠨ | ᠪᠤᠰᠤ ᠬᠥᠮᠦᠰ ᠤᠨ ᠲᠥᠯᠥᠭᠡᠯᠡᠭᠴᠢ᠂ ᠪᠡᠭᠡᠵᠢᠩ ᠬᠤᠲᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ | ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠴᠢ᠂ ︽ᠬᠤᠶᠠᠷ ᠪᠥᠮᠪᠦᠭᠡ ᠨᠢᠭᠡ | ᠣᠳᠣᠨ ᠤ ᠭᠠᠪᠢᠶᠠᠨ ᠲᠡᠮᠳᠡᠭ︾᠂ ︽ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ᠂ ︽ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠱᠠᠩᠨᠠᠯ︾᠂ ︽ᠰᠠᠨᠰᠠᠷ ᠤᠨ ᠠᠶᠠᠯᠠᠯ ᠤᠨ ᠪᠠᠭᠠᠲᠤᠷ︾᠂ ︽ᠪᠠᠭᠠᠲᠤᠷ ᠰᠠᠨᠰᠠᠷᠴᠢᠨ︾ ᠤ ᠴᠤᠯᠠ ᠶᠢ | ᠬᠦᠷᠲᠡᠭᠴᠢ᠂ ᠪᠦᠬᠦ ᠤᠯᠤᠰ ᠤᠨ ᠲᠡᠷᠢᠭᠦᠨ ᠤ ᠵᠢᠱᠢᠶᠡᠴᠢ ᠬᠥᠮᠦᠰ ᠤᠨ ᠲᠥᠯᠥᠭᠡᠯᠡᠭᠴᠢ᠂ ᠠᠷᠪᠠᠨ ᠨᠢᠭᠡᠳᠦᠭᠡᠷ ᠳᠦᠷᠢ ᠶᠢᠨ | ᠪᠠᠨᠴᠢᠡᠡᠷᠳᠡᠨᠢ · ᠴᠦᠢᠵᠢᠵᠠᠪ᠂ ᠪᠦᠬᠦ ᠤᠯᠤᠰ ᠤᠨ ᠴᠢᠨᠠᠷᠲᠠᠶ ᠱᠠᠰᠢᠨ ᠰᠤᠷᠲᠠᠬᠤᠨ ᠤ ᠪᠦᠯᠬᠦᠮ ᠤᠨ ᠭᠤᠤᠯ | ᠬᠠᠷᠢᠭᠤᠴᠠᠯᠭᠠᠲᠠᠨ᠂ ᠪᠡᠭᠡᠵᠢᠩ ᠳᠤ ᠪᠠᠶᠢᠭ᠎ᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ | ᠪᠣᠯᠤᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠭᠠᠳᠠᠭᠠᠳᠤ ᠳᠤ ᠰᠤᠷᠤᠯᠴᠠᠭᠠᠳ | ᠤᠯᠤᠰ ᠲᠠᠭᠠᠨ ᠪᠤᠴᠠᠭᠰᠠᠨ ᠰᠢᠯᠢᠳᠡᠭ ᠴᠢᠳᠠᠪᠤᠷᠢᠲᠠᠨ ᠤ ᠲᠥᠯᠥᠭᠡᠯᠡᠭᠴᠢ᠂ ᠨᠠᠰᠤ ᠪᠠᠷᠠᠭᠰᠠᠨ ᠬᠡᠰᠡᠭ ᠠᠬᠠᠮᠠᠳ | ᠨᠥᠬᠦᠳ ᠤᠨ ᠲᠦᠷᠦᠯ ᠰᠠᠳᠤᠨ᠂ ᠦᠷᠡᠭᠳᠡᠭᠰᠡᠨ ᠪᠠᠭᠠᠲᠤᠷ ᠵᠢᠴᠢ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠬᠥᠮᠦᠰ ᠤᠨ | ᠭᠡᠷ ᠪᠦᠯᠢ᠂ ︽ᠨᠠᠮ ᠤᠨ ᠬᠡᠰᠢᠭᠦᠨ ᠪᠤᠯᠤᠭᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ | ᠬᠦᠷᠲᠡᠭᠴᠢ ᠶᠢᠨ ᠲᠥᠯᠥᠭᠡᠯᠡᠭᠴᠢ᠂ 2021 ᠣᠨ ᠳᠤ ᠰᠢᠨ᠎ᠡ ᠪᠠᠷ ᠡᠯᠰᠡᠭᠳᠡᠭᠰᠡᠨ ᠨᠠᠮ ᠤᠨ ᠭᠡᠰᠢᠭᠦᠨ ᠤ ᠲᠥᠯᠥᠭᠡᠯᠡᠭᠴᠢ᠂ | ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ᠂ ᠪᠦᠬᠦ ᠤᠯᠤᠰ ᠤᠨ ᠭᠤᠣᠯᠳᠠᠯᠭ᠎ᠠ ᠲᠠᠢ | ᠬᠠᠷᠠᠭᠠᠯᠵᠠᠬᠤ ᠡᠲᠡᠭᠡᠳ᠂ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ᠂ ᠪᠡᠭᠡᠵᠢᠩ ᠳᠤ ᠰᠠᠭᠤᠭ᠎ᠠ | ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠲᠣᠭᠯᠠᠯᠲᠠ ᠶᠢ ᠰᠣᠨᠢᠷᠬᠠᠪᠠ᠃ | ᠤᠯᠠᠨ ᠤᠯᠤᠰ ᠤᠨ ᠴᠢᠬᠤᠯᠠ ᠨᠥᠬᠦᠷᠰᠡᠭ ᠬᠥᠮᠦᠰ᠂ ᠪᠡᠭᠡᠵᠢᠩ ᠳᠤ ᠪᠠᠶᠢᠭ᠎ᠠ ᠡᠯ᠎ᠡ ᠤᠯᠤᠰ ᠤᠨ ᠳᠤᠮᠳᠠᠳᠤ | ᠤᠯᠤᠰ ᠲᠤ ᠰᠠᠭᠤᠭ᠎ᠠ ᠡᠯᠴᠢᠨ ᠰᠠᠶᠢᠳ ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ | ᠰᠠᠭᠤᠭ᠎ᠠ ᠲᠥᠯᠥᠭᠡᠯᠡᠭᠴᠢ᠂ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠴᠦ ᠤᠷᠢᠯᠭ᠎ᠠ ᠪᠠᠷ ᠲᠣᠭᠯᠠᠯᠲᠠ ᠶᠢ ᠰᠣᠨᠢᠷᠬᠠᠪᠠ᠃ |