ᠨᠠᠮ ᠤᠨ ᠳᠡᠣᠬᠡ ᠎ ᠶᠢ ᠰᠣᠷᠣᠯᠴᠠᠵᠤ ᠣᠭ ᠰᠠᠨᠠᠭ᠎ᠠ ᠎ ᠪᠠᠨ ᠪᠠᠬᠢᠵᠢᠭᠦᠯᠵᠤᠪᠣᠳᠠᠳᠠᠢ ᠠᠵᠢᠯ ᠬᠢᠵᠤ ᠣᠯᠠᠨ ᠳᠦᠮᠡᠨ ᠤ ᠰᠡᠳᠬᠢᠯ ᠢ ᠳᠤᠯᠠᠭᠠᠴᠠᠭᠤᠯᠪᠠ                      ——ᠣᠯᠠᠭᠠᠨᠳᠠᠪᠠᠭ᠎ᠠ ᠰᠣᠮᠣ ᠶᠢᠨ ᠰᠠᠯᠠᠭᠠᠨ ᠳᠡᠰ ᠤᠨ ᠣᠳᠣᠷᠢᠳᠬᠤ ᠺᠠᠳ᠋ᠷ ᠨᠠᠷ  ᠳᠠᠭᠠᠭᠠᠴᠢᠯᠠᠬᠰᠠᠨ ᠡᠷᠦᠬᠡ ᠎ ᠳᠡᠭᠡᠨ ᠨᠢᠭᠡᠳᠦᠯᠳᠠᠢ ᠣᠷᠣᠬᠤ ᠪᠣᠳᠠᠳᠠᠢ ᠠᠵᠢᠯᠯᠠᠭᠠᠨ ᠦ᠊
ᠨᠡᠶᠢᠲᠡᠯᠡᠭᠰᠡᠨ ᠴᠠᠭ᠄
2021/6/7
             ᠨᠠᠮ ᠤᠨ ᠳᠡᠣᠬᠡ ᠶᠢ ᠰᠣᠷᠣᠯᠴᠠᠬᠤ ᠰᠣᠷᠭᠠᠨ ᠬᠦᠮᠦᠵᠢᠯ ᠤᠨ ᠠᠵᠢᠯᠯᠠᠭᠠᠨ ᠢ ᠦᠨᠳᠦᠰᠦᠨ ᠱᠠᠳᠣᠨ ᠳᠤ ᠬᠦᠷᠬᠡᠬᠦ ᠠᠵᠢᠯ ᠢ ᠳᠦᠯᠬᠢᠨ ᠠᠬᠢᠭᠤᠯᠵᠤ᠂ ᠰᠣᠷᠣᠯᠴᠠᠯᠭᠠᠨ ᠢ  ᠪᠣᠳᠠᠳᠣ ᠭᠠᠵᠠᠷ ᠲᠤ ᠦᠨᠡᠩᠬᠦ ᠦᠷᠨᠢᠭᠦᠯᠬᠦ ᠶᠢᠨ ᠳᠦᠯᠦᠭᠡ᠂ ᠣᠷᠴᠢᠮ  ᠎ ᠤᠨ ᠡᠳᠦᠷ ᠤᠯᠠᠭᠠᠨᠳᠠᠪᠠᠭ᠎ᠠ ᠰᠣᠮᠣ ᠨᠢ ︽ ᠦᠷᠭᠡᠨ ᠣᠯᠠᠨ ᠳᠦᠮᠡᠨ ᠳᠤ ᠪᠣᠳᠠᠳᠣ ᠠᠵᠢᠯ ᠬᠢᠶ᠎ᠡ︾ ᠭᠤᠣᠯ ᠰᠡᠳᠣᠪ ᠪᠠᠷ ᠰᠠᠯᠠᠭᠠᠨ ᠳᠡᠰ ᠤᠨ ᠣᠳᠣᠷᠢᠳᠬᠤ ᠺᠠᠳ᠋ᠷ ᠨᠠᠷ ᠳᠠᠭᠠᠭᠠᠴᠢᠯᠠᠬᠰᠠᠨ ᠡᠷᠦᠬᠡ  ᠎ ᠳᠡᠭᠡᠨ ᠨᠢᠭᠡᠳᠦᠯᠳᠠᠢ ᠣᠷᠣᠵᠣ᠂  ᠤᠯᠠᠨ ᠳᠦᠮᠡᠨ ᠲᠠᠢ ᠨᠢᠬᠳᠠ ᠬᠠᠷᠢᠴᠠᠵᠤ᠂ ᠤᠯᠠᠨ ᠳᠦᠮᠡᠨ ᠤᠨ ᠰᠡᠳᠬᠢᠯ ᠤᠨ ᠦᠭᠡ ᠶᠢ ᠰᠣᠨᠣᠰᠴᠦ᠂ ᠤᠯᠠᠨ ᠳᠦᠮᠡᠨ ᠤ ᠵᠢᠩᠬᠢᠨᠢ  ᠬᠦᠴᠢᠷ ᠢ ᠣᠶᠢᠯᠭᠠᠵᠤ᠂   ᠦᠨᠡᠨᠴᠢ ᠦᠢᠯᠡᠴᠢᠯᠡᠯᠭᠡᠨ ᠢᠶᠠᠷ ᠣᠯᠠᠨ ᠳᠦᠮᠡᠨ ᠤ ᠰᠡᠳᠬᠢᠯ ᠢ ᠣᠯᠪᠠ  ᠃            5 ᠰᠠᠷ᠎ᠠ ᠶᠢᠨ 15᠎ ᠤ ᠡᠳᠦᠷ᠂ ᠬᠠᠪᠴᠢᠯ ᠭᠠᠴᠠᠭ᠎ᠠ ᠶᠢ ᠳᠠᠭᠠᠭᠠᠴᠢᠯᠠᠵᠤ ᠪᠠᠶᠢᠭ᠎ᠠ ᠣᠳᠣᠷᠢᠳᠬᠤ ᠳᠠᠷᠤᠭ᠎ᠠ ᠨᠢ ᠳᠠᠭᠠᠭᠠᠴᠢᠯᠠᠬᠰᠠᠨ ᠡᠷᠦᠬᠡ ᠳᠡᠭᠡᠨ ᠣᠷᠣᠬᠤ ᠶᠠᠪᠤᠴᠠ ᠳᠤ᠂ ᠠᠬᠠᠮᠠᠳ ᠨᠠᠮ ᠤᠨ ᠭᠡᠰᠢᠬᠦᠨ ᠴᠢᠶᠠᠨ ᠯᠢᠶᠠᠩ ᠢᠦᠢ ᠶᠢᠨ ᠬᠠᠶᠢᠷᠠᠳᠣ ᠬᠦᠮᠦᠨ ᠰᠦᠢ ᠵᠢᠶᠦ᠋ᠨ ᠨᠢ ᠣᠳᠠᠭᠠᠨ ᠴᠢᠨᠠᠷ ᠤᠨ ᠬᠡᠷᠡᠬᠦ ᠡᠪᠡᠳᠴᠢᠨ ᠲᠠᠢ᠂ ᠬᠠᠪᠤᠷ ᠎ ᠤᠨ ᠳᠠᠷᠢᠶᠠᠯᠠᠬᠤ ᠬᠤᠭᠤᠴᠠᠭᠠᠨ ᠳᠤ ᠭᠡᠷ ᠲᠤ ᠨᠢ ᠢᠯᠡᠬᠦᠦ ᠬᠦᠳᠡᠯᠮᠦᠷᠢ ᠬᠦᠴᠦ ᠦᠬᠡᠢ ᠠᠴᠠ ᠪᠣᠯᠵᠣ᠂ ᠡᠪᠡᠳᠴᠢᠨ ᠎ ᠢᠶᠠᠨ ᠦᠵᠡᠭᠦᠯᠵᠤ ᠴᠢᠳᠠᠬᠤ ᠦᠬᠡᠢ ᠭᠡᠷ ᠪᠦᠯᠢ ᠶᠢᠨ ᠪᠣᠳᠠᠳᠣ ᠬᠦᠴᠢᠷᠳᠡᠯ ᠢ ᠣᠶᠢᠯᠭᠠᠵᠤ   ︵ᠴᠢᠶᠠᠨ ᠯᠢᠶᠠᠩ ᠢᠦᠢ᠂  2  ᠬᠦᠮᠦᠨ ᠠᠮᠠ ᠲᠠᠢ᠂ ᠡᠩ ᠤᠨ ᠶᠠᠳᠠᠭᠤ ᠠᠴᠠ ᠠᠩᠬᠢᠵᠢᠷᠠᠬᠰᠠᠨ ᠡᠷᠦᠬᠡ  ︶᠂  ᠰᠣᠮᠣᠨ ᠤ ᠭᠤᠣᠯ ᠣᠳᠣᠷᠢᠳᠣᠯᠭ᠎ᠠ ᠳᠤ ᠪᠠᠨ ᠪᠠᠶᠢᠳᠠᠯ ᠢ ᠮᠡᠳᠡᠭᠦᠯᠵᠤ᠂ ᠰᠣᠮᠣᠨ ᠤ  ᠡᠷᠡᠬᠦᠯ ᠬᠠᠮᠠᠭᠠᠯᠠᠯ ᠤᠨ ᠬᠤᠷᠢᠶ᠎ᠠ᠂ ᠠᠷᠠᠳ ᠤᠨ ᠶᠠᠪᠤᠳᠠᠯ ᠲᠠᠢ  ᠬᠠᠷᠢᠴᠠᠪᠠ᠃  ᠰᠣᠮᠣᠨ ᠤ ᠡᠷᠡᠭᠦᠯ ᠬᠠᠮᠠᠭᠠᠯᠠᠯ  ᠎ ᠤᠨ ᠬᠤᠷᠢᠶ᠎ᠠ ᠨᠢ ᠡᠷᠦᠬᠡ  ᠎ ᠳᠤ ᠣᠷᠣᠵᠣ᠂   ᠰᠦᠢ  ᠵᠢᠶᠦ᠋ᠨ ᠤᠨ ᠡᠪᠡᠳᠴᠢᠨ ᠢ ᠨᠢ ᠦᠵᠡᠵᠤ ᠦᠭᠭᠦᠭᠰᠡᠨ ᠮᠦᠷᠳᠡᠭᠡᠨ ᠳᠣᠰᠬᠠᠢ ᠡᠮᠴᠢ ᠳᠣᠮᠢᠯᠠᠵᠤ᠂ ᠭᠡᠷ ᠲᠤ ᠎ ᠨᠢ ᠬᠦᠷᠴᠦ 21 ᠬᠤᠨᠤᠭ ᠤᠨ ᠮᠣᠩᠭᠤᠯ ᠡᠮ ᠤᠨ ᠣᠬᠢᠶᠠᠯᠭ᠎ᠠ ᠶᠢᠨ ᠵᠠᠰᠠᠯ  ᠬᠢᠵᠤ ᠦᠭᠴᠦ᠂ ᠳᠡᠳᠡᠨ ᠤ ᠬᠢᠨ ᠤ  ᠪᠣᠳᠠᠳᠠᠢ ᠣᠷᠣᠰᠢᠵᠤ ᠪᠠᠶᠢᠭ᠎ᠠ ᠳᠣᠯᠭᠠᠮ᠎ᠠ ᠬᠦᠴᠢᠷᠳᠡᠯ ᠢ ᠨᠢ ᠰᠢᠢᠳᠪᠦᠷᠢᠯᠡᠵᠤ ᠦᠭᠴᠠᠢ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号