ᠤᠯᠠᠭᠠᠨᠳᠠᠪᠠᠭ᠎ᠠ ᠰᠣᠮᠣ ᠨᠢ ᠨᠠᠮ ᠤᠨ ᠳᠡᠣᠬᠡ  ᠶᠢᠨ ᠰᠣᠷᠣᠯᠴᠠᠯᠭ᠎ᠠ ᠬᠦᠮᠦᠵᠢᠯ ᠤᠨ ᠳᠣᠰᠬᠠᠢ ᠰᠡᠳᠣᠪᠳᠦ ᠨᠠᠮ ᠤᠨ ᠬᠢᠴᠢᠶᠡᠯ ᠦᠷᠨᠢᠭᠦᠯᠪᠡ
ᠨᠡᠶᠢᠲᠡᠯᠡᠭᠰᠡᠨ ᠴᠠᠭ᠄
2021/7/12
    7 ᠰᠠᠷ᠎ᠠ ᠶᠢᠨ 8᠎ ᠤ ᠡᠳᠦᠷ᠂ ᠣᠯᠠᠭᠠᠨᠳᠠᠪᠠᠭ᠎ᠠ ᠰᠣᠮᠣ ᠨᠢ ᠨᠠᠮ ᠤᠨ  ᠰᠣᠷᠣᠯᠴᠠᠯᠭ᠎ᠠ ᠬᠦᠮᠦᠵᠢᠯ  ᠎ ᠲᠠᠢ ᠤᠶᠠᠯᠳᠣᠭᠤᠯᠵᠣ᠂ ︽ᠨᠠᠮ ᠤᠨ  ᠡᠭᠦᠷ ᠤᠨ ᠱᠦᠵᠢ ᠨᠠᠮ ᠤᠨ ᠬᠢᠴᠢᠶᠡᠯ ᠶᠠᠷᠢᠬᠤ︾ ᠠᠵᠢᠯᠯᠠᠭᠠᠨ ᠦᠷᠨᠢᠭᠦᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠪᠠᠶᠢᠭᠤᠯᠤᠬᠳᠠᠬᠰᠠᠨ100 ᠵᠢᠯ ᠤᠨ ᠣᠢ ᠶᠢ ᠪᠡᠯᠭᠡᠯᠡᠬᠦ  ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠴᠢ  ︽ᠳᠣᠯᠣᠭᠠᠨ ᠰᠠᠷ᠎ᠠ ᠶᠢᠨ ᠨᠢᠭᠡᠨ ᠤ ᠭᠠᠪᠢᠶᠠᠨ ᠳᠡᠮᠳᠡᠭ ᠣᠯᠭᠤᠬᠤ︾ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠳᠠᠮᠵᠢᠭᠤᠯᠵᠤ᠂ ᠰᠣᠮᠣ ᠭᠠᠴᠠᠭ᠎ᠠ ᠬᠤᠶᠠᠷ  ᠱᠠᠳᠣᠨ ᠤ ᠣᠳᠣᠷᠢᠳᠬᠤ ᠺᠠᠳ᠋ᠷ ᠨᠠᠷ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭᠠᠨ ᠤ ᠴᠢᠬᠤᠯᠠ ᠴᠢᠨᠠᠷ ᠢ ᠪᠦᠬᠦ ᠳᠠᠯ᠎ᠠ ᠪᠠᠷ ᠰᠣᠷᠣᠯᠴᠠᠨ ᠣᠶᠢᠯᠭᠠᠬᠤ ᠶᠢ  ᠵᠢᠯᠤᠭᠤᠳᠣᠨ ᠳᠠᠭᠠᠭᠤᠯᠵᠠᠢ᠃ ᠰᠣᠮᠣᠨ ᠤ  ᠺᠠᠳ᠋ᠷ ᠠᠵᠢᠯᠳᠠᠨ᠂ ᠭᠠᠴᠠᠭᠠᠨ ᠳᠡᠰ ᠤᠨ ᠺᠠᠳ᠋ᠷ ᠠᠵᠢᠯᠳᠠᠨ ᠪᠦᠬᠦ ᠨᠡᠶᠢᠳᠡ 61 ᠬᠦᠮᠦᠨ ᠰᠣᠷᠣᠯᠴᠠᠯᠭ᠎ᠠ ᠬᠦᠮᠦᠵᠢᠯ ᠤᠨ ᠳᠣᠰᠬᠠᠢ ᠰᠡᠳᠣᠪᠳᠦ ᠨᠠᠮ ᠤᠨ ᠬᠢᠴᠢᠶᠡᠯ  ᠎ ᠳᠤ ᠣᠷᠣᠯᠴᠠᠪᠠ᠃       ᠬᠤᠷᠠᠯ ᠠᠴᠠ  ᠂ ᠰᠢ ᠶᠢᠨ ᠫᠢᠩ ᠶᠡᠷᠦᠩᠬᠡᠢ ᠱᠦᠵᠢ ᠶᠢᠨ  ᠴᠢᠬᠤᠯᠠ ᠵᠣᠷᠢᠭ ᠰᠠᠨᠠᠭ᠎ᠠ ᠨᠢ ᠳᠣᠮᠳᠠᠳᠣ ᠣᠯᠣᠰ ᠤᠨ ᠡᠪ ᠬᠠᠮᠳᠣ ᠨᠠᠮ ᠤᠨ ᠭᠡᠷᠡᠯ ᠰᠠᠴᠤᠷᠠᠩᠭᠤᠢ ᠵᠠᠭᠤᠨ ᠵᠢᠯ ᠤᠨ ᠳᠡᠣᠬᠡ ᠶᠢ ᠪᠦᠬᠦ ᠳᠠᠯ᠎ᠠ ᠪᠠᠷ ᠬᠠᠷᠠᠭᠤᠯᠤᠨ ᠦᠵᠡᠭᠦᠯᠵᠤ ᠪᠤᠢ᠃ ᠮᠦᠨ ᠴᠦ ᠡᠪ ᠬᠠᠮᠳᠣ ᠨᠠᠮ ᠤᠨ ᠬᠡᠰᠢᠭᠦᠨ ᠤ ᠪᠠᠳᠣ ᠢᠳᠡᠭᠡᠯ᠂ ᠦᠨᠡᠨ ᠠᠴᠠ ᠵᠦᠪ ᠎ ᠢ ᠡᠷᠢᠬᠦ ᠵᠤᠷᠢᠯᠳᠠ ᠪᠠ ᠠᠮᠢ ᠪᠡᠶ᠎ᠡ ᠪᠠᠨ ᠬᠠᠶᠢᠬᠤᠷᠬᠤ ᠦᠭᠡᠢ᠂ ᠠᠷᠢᠭᠤᠨ ᠴᠢᠭᠡᠴᠢ ᠪᠠᠷ ᠠᠷᠠᠳ ᠳᠦᠮᠡᠨ ᠳᠤ ᠦᠢᠯᠡᠴᠢᠯᠡᠭᠦ ᠡᠷᠬᠢᠮ ᠨᠠᠨᠳᠢᠨ ᠬᠡᠪ ᠰᠤᠷᠳᠠᠯ ᠪᠠ ᠠᠭᠤᠤ ᠶᠡᠭᠡ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠬᠤᠷᠢᠶᠠᠩᠭᠤᠶᠢᠯᠠᠨ ᠢᠯᠡᠳᠬᠡᠵᠤ᠂  ᠮᠠᠨᠤᠰ ᠤᠨ ᠬᠤᠶᠠᠳᠣᠭᠠᠷ ᠵᠠᠭᠤᠨ ᠵᠢᠯ  ᠤᠨ ᠬᠠᠷᠠᠯᠳᠠ ᠳᠤ ᠪᠠᠨ ᠬᠦᠷᠬᠦ ᠪᠠ ᠡᠯ᠎ᠠᠵᠦᠢᠯ ᠤᠨ ᠠᠵᠢᠯ ᠤᠨ ᠰᠢᠨ᠎ᠠ ᠬᠦᠭᠵᠢᠯᠳᠡ ᠳᠤ ᠬᠦᠷᠬᠦ ᠳᠤ ᠰᠠᠭᠤᠷᠢ ᠳᠠᠯᠪᠢᠵᠤ ᠦᠭᠴᠠᠢ ᠭᠡᠵᠤ  ᠵᠢᠭᠠᠵᠠᠢ᠃       ᠬᠤᠷᠠᠯ ᠠᠴᠠ ᠪᠠᠰᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠳᠣᠣᠰᠢᠯᠠᠭᠤᠯᠵᠤ᠂ ᠦᠢᠯᠡᠳᠦᠯᠬᠡ ᠶᠢ ᠬᠦᠨᠳᠦᠳᠬᠡᠵᠤ᠂  ᠪᠣᠳᠠᠳᠣ ᠦᠢᠯᠡ ᠠᠵᠢᠯᠯᠠᠭ᠎ᠠ ᠶᠢ ᠴᠢᠬᠤᠯᠠᠴᠢᠯᠠᠬᠤ ᠬᠡᠷᠡᠭᠳᠠᠢ᠃ ᠰᠣᠮᠣ ᠭᠠᠴᠠᠭ᠎ᠠ ᠬᠤᠶᠠᠷ ᠱᠠᠳᠣᠨ ᠤ ᠺᠠᠳ᠋ᠷ ᠰᠣᠮᠣᠨ ᠤ ᠭᠤᠣᠯᠳᠠᠯᠭᠠᠳᠠᠢ ᠠᠵᠢᠯ ᠤᠨ ᠳᠣᠭᠤᠷᠢᠨ ᠳᠤ ᠣᠯᠣᠰ ᠳᠦᠷᠦ ᠶᠢᠨ ᠵᠣᠬᠰᠣᠴᠠ ᠪᠠᠨ ᠪᠠᠳᠣ ᠪᠠᠶᠢᠯᠭᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠣ ᠰᠠᠬᠢᠵᠤ᠂  ᠪᠣᠳᠠᠳᠠᠢ ᠶᠢ ᠬᠦᠨᠳᠦᠳᠬᠡᠵᠤ᠂  ︽ᠠᠵᠤ ᠦᠢᠯᠡᠰ ᠤᠨ ᠰᠢᠯᠢᠳᠡᠭᠵᠢᠭᠦᠯᠦᠯᠳᠠ ᠶᠢᠨ ᠵᠠᠮ  ︾᠎ ᠪᠠᠷ ᠵᠠᠮᠨᠠᠨ ᠂ ᠪᠤᠬᠢᠷᠳᠠᠯ ᠦᠭᠡᠢ ︽ᠠᠮᠢ ᠠᠬᠤᠢ ᠶᠢᠨ ᠫᠠᠶᠢᠰᠠ︾᠎ ᠶᠢ ᠦᠨᠳᠦᠷ ᠡᠷᠭᠦᠵᠤ᠂ ᠦᠨᠳᠦᠷ ᠪᠦᠳᠦᠮᠵᠢ ᠪᠦᠬᠦᠢ ᠬᠦᠭᠵᠢᠯᠳᠠ ᠶᠢᠨ ᠦᠷ᠎ᠠ ᠪᠦᠳᠦᠭᠡᠯ ᠢᠶᠠᠷ ᠢᠶᠠᠨ ᠳᠣᠮᠳᠠᠳᠣ ᠣᠯᠣᠰ ᠶᠢᠨ ᠡᠪ ᠬᠠᠮᠳᠣ ᠨᠠᠮ ᠪᠠᠶᠢᠭᠤᠯᠤᠬᠳᠠᠬᠰᠠᠨ100 ᠵᠢᠯ ᠤᠨ ᠣᠢ ᠳᠤ ᠪᠡᠯᠡᠭ ᠪᠤᠯᠭᠠᠨ ᠡᠷᠭᠦᠨ ᠪᠠᠷᠢᠶ᠎ᠠ ᠭᠡᠵᠠᠢ᠃          
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号