ᠪᠠᠭᠠᠷᠢᠨ ᠵᠡᠭᠦᠨ ᠬᠤᠰᠢᠭᠤ ᠨᠢ ᠤᠯᠠᠭᠠᠨᠬᠠᠳᠠ ᠬᠤᠲᠠ ᠶᠢᠨ ᠮᠠᠯ ᠵᠢᠭᠦᠷᠲᠡᠨ ᠠᠯᠠᠵᠤ ᠨᠢᠲᠤᠯᠬᠤ ᠮᠡᠷᠭᠡᠵᠢᠯ ᠤᠨ ᠠᠵᠢᠯᠲᠠᠨ᠂ ᠮᠢᠬᠠᠨ ᠤ ᠴᠢᠨᠠᠷ  ᠢ ᠰᠢᠯᠭᠠᠨ ᠪᠠᠶᠢᠴᠠᠭᠠᠬᠤ ᠠᠵᠢᠯᠲᠠᠨ ᠤ  ᠪᠣᠯᠪᠠᠰᠣᠷᠠᠯ ᠤᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2021/8/10
      2021 ᠣᠨ ᠤ 7 ᠳ᠋ᠤᠭᠠᠷ ᠰᠠᠷ᠎ᠠ ᠶᠢᠨ 29 - 30 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠮᠠᠯ ᠵᠢᠭᠦᠷᠲᠡᠨ ᠠᠯᠠᠵᠤ ᠨᠢᠲᠤᠯᠬᠤ ᠮᠡᠷᠭᠡᠵᠢᠯᠲᠡᠨ᠂ ᠮᠢᠬᠠᠨ ᠤ ᠴᠢᠨᠠᠷ ᠢ ᠰᠢᠯᠭᠠᠨ ᠪᠠᠶᠢᠴᠠᠭᠠᠬᠤ ᠠᠵᠢᠯᠲᠠᠨ ᠤ ᠪᠣᠯᠪᠠᠰᠣᠷᠠᠯ ᠤᠨ ᠬᠤᠷᠠᠯ ᠪᠠᠭᠠᠷᠢᠨ ᠵᠡᠭᠦᠨ ᠬᠤᠰᠢᠭᠤᠨ ᠳᠤ ᠬᠤᠷᠠᠯᠳᠤᠪᠠ᠃ ᠲᠣᠰ ᠤᠳᠠᠭᠠᠨ ᠤ ᠪᠣᠯᠪᠠᠰᠤᠷᠠᠯ ᠳᠤ ᠨᠡᠶᠢᠲᠡ 280 ᠭᠠᠷᠤᠶ ᠬᠥᠮᠦᠨ ᠣᠷᠣᠯᠴᠠᠵᠤ᠂ ᠣᠩᠨᠢᠭᠤᠳ ᠬᠤᠰᠢᠭᠤ᠂ ᠯᠢᠨᠰᠢ ᠰᠢᠶᠠᠨ᠂ ᠠᠷᠤ ᠬᠤᠷᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ ᠪᠣᠯᠤᠨ ᠪᠠᠭᠠᠷᠢᠨ ᠵᠡᠭᠦᠨ ᠬᠤᠰᠢᠭᠤᠨ ᠤ ᠮᠠᠯ ᠨᠢᠲᠤᠯᠬᠤ ᠠᠵᠤ ᠠᠬᠤᠶᠢᠯᠠᠯ ᠤᠨ ᠬᠢᠨ ᠬᠦᠷᠦᠯᠴᠡᠨ ᠢᠷᠡᠭᠰᠡᠨ ᠪᠠᠶᠢᠨ᠎ᠠ᠃       ᠲᠤᠰ ᠤᠳᠠᠭᠠᠨ ᠤ ᠪᠣᠯᠪᠠᠰᠣᠷᠠᠯ ᠢ ᠠᠯᠠᠵᠤ ᠨᠢᠲᠤᠯᠬᠤ ᠮᠡᠷᠭᠡᠵᠢᠯ ᠤᠨ ᠠᠵᠢᠯᠲᠠᠨ ᠪᠣᠯᠤᠨ ᠮᠢᠬᠠᠨ ᠤ ᠴᠢᠨᠠᠷ ᠢ ᠰᠢᠯᠭᠠᠨ ᠪᠠᠶᠢᠴᠠᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠣᠨᠣᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠤᠰᠠᠳᠠ ᠡᠷᠬᠢᠯᠡᠪᠠ᠃ ᠪᠣᠯᠪᠠᠰᠤᠷᠠᠯ ᠤᠨ ᠠᠩᠭᠢ ᠶᠢ ᠤᠯᠠᠭᠠᠨᠬᠠᠳᠠ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠰᠢᠯᠢᠳᠡᠭ ᠪᠠᠭᠰᠢ ᠶᠢᠨ ᠬᠦᠴᠦᠨ ᠢ ᠵᠣᠬᠢᠶᠠᠨ ᠪᠠᠶᠢᠭᠤᠯᠤᠨ ︽ᠮᠠᠯ ᠵᠢᠭᠦᠷᠲᠡᠨ ᠢ ᠨᠢᠲᠤᠯᠬᠤ ᠪᠠᠷᠢᠮᠵᠢᠶ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠳᠤᠯᠭᠠᠨ︾᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠪᠣᠯᠤᠨ ︽ᠠᠮᠢᠳᠤ ᠭᠠᠭ᠋ᠠᠶ ᠨᠢᠲᠤᠯᠬᠤ ᠬᠠᠮᠢᠶᠠᠷᠤᠯᠲᠠ ᠶᠢᠨ ᠠᠷᠭ᠎ᠠ︾  ᠵᠡᠷᠬᠡ ᠳᠤ ᠲᠠᠶᠢᠯᠤᠮᠵᠢ ᠬᠢᠵᠦ᠂ ᠬᠤᠷᠠᠯ ᠤᠨ ᠳᠠᠷᠠᠭ᠎ᠠ ᠪᠠᠭᠰᠢ ᠠᠴᠠ  ᠰᠣᠷᠣᠬᠴᠢᠳ ᠤᠨ ᠳᠤᠷᠠᠳᠤᠭᠰᠠᠨ ᠠᠰᠠᠭᠤᠳᠠᠯ ᠢ ᠨᠢᠭᠡᠳ ᠨᠢᠭᠡ ᠪᠠᠷ ᠲᠠᠶᠢᠯᠪᠤᠷᠢᠯᠠᠵᠤ᠂ ᠰᠠᠶᠢᠨ ᠦᠨᠡᠯᠡᠯᠲᠡ ᠶᠢ ᠤᠯᠪᠠ᠃       ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂  ᠪᠣᠯᠪᠠᠰᠣᠷᠠᠯ   ᠳᠤ ᠣᠷᠣᠯᠴᠠᠬᠰᠠᠨ ᠬᠦᠮᠦᠰ ᠤᠨ ᠬᠠᠤᠯᠢ ᠴᠠᠭᠠᠵᠠ ᠶᠢᠨ ᠤᠬᠠᠮᠰᠠᠷ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠣᠯᠠᠮ ᠳᠡᠭᠡᠭᠰᠢᠯᠡᠭᠦᠯᠵᠦ᠂ ᠮᠢᠬᠠᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠮᠠᠨ ᠤ ᠬᠤᠰᠢᠭᠤᠨ ᠤ ᠮᠢᠬᠠᠨ ᠤ ᠶᠠᠰᠤ ᠴᠢᠨᠠᠷ ᠪᠠ ᠮᠢᠬᠠᠨ ᠤ ᠴᠢᠨᠠᠷ ᠤᠨ ᠠᠮᠤᠷ ᠲᠦᠪᠰᠢᠨ ᠦᠷᠭᠦᠯᠵᠢᠯᠡᠨ ᠪᠠᠲᠤᠯᠠᠬᠤ ᠳᠤ ᠬᠦᠴᠦᠲᠡᠶ ᠪᠠᠳᠣᠯᠭ᠎ᠠ ᠬᠠᠩᠭᠠᠪᠠ᠃
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号