ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 5 ᠤ ᠴᠠᠬᠢᠯᠭᠠᠨ ᠮᠡᠳᠡᠭᠡ 8 ᠰᠠᠷ᠎ᠠ ᠶᠢᠨ 5 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠬᠠᠮᠲᠤᠷᠠᠯᠴᠠᠭᠠᠨ ᠤ ᠤᠯᠠᠨ | ᠤᠯᠤᠰ ᠤᠨ ᠶᠠᠷᠢᠶᠠᠨ ᠤ ᠲᠠᠪᠴᠠᠩ ᠤᠨ ᠠᠩᠬᠠᠳᠤᠭᠠᠷ ᠬᠤᠷᠠᠯ ᠳᠤ ᠪᠢᠴᠢᠭ ᠤᠨ ᠬᠡᠯᠪᠡᠷᠢ ᠪᠠᠷ ᠪᠠᠶᠠᠷ ᠤᠨ ᠦᠭᠡ ᠢᠯᠡᠭᠡᠪᠡ᠃ | ᠰᠢ ᠶᠢᠨ ᠫᠢᠩ᠂ ᠡᠨᠡ ᠵᠢᠯ ᠤᠨ 5 ᠰᠠᠷ᠎ᠠ ᠳᠤ᠂ ᠪᠢ ᠪᠦᠬᠦ ᠪᠥᠮᠪᠥᠷᠴᠡᠭ ᠤᠨ ᠡᠷᠡᠭᠦᠯ ᠮᠡᠨᠳᠦ ᠶᠢᠨ | ᠲᠦᠷᠦᠭᠦᠴᠦᠳ ᠤᠨ ᠬᠤᠷᠠᠯ ᠳᠡᠭᠡᠷ᠎ᠡ ᠳᠤᠮᠳᠠᠳᠤ ᠤᠯᠤᠰ ᠤᠨ ᠪᠦᠬᠦ ᠪᠥᠮᠪᠥᠷᠴᠡᠭ ᠢᠶᠠᠷ ᠢᠶᠠᠨ ᠪᠦᠯᠬᠦᠮᠳᠡᠨ ᠬᠢᠵᠢᠭ ᠲᠠᠢ | ᠲᠡᠮᠡᠴᠡᠬᠦ ᠶᠢ ᠳᠡᠮᠵᠢᠬᠦ ᠲᠠᠪᠤᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠪᠡ᠂ ᠡᠭᠦᠨ ᠳᠤ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠤ ᠬᠠᠮᠲᠤᠷᠠᠯᠴᠠᠭᠠᠨ ᠤ ᠤᠯᠠᠨ ᠤᠯᠤᠰ ᠤᠨ ᠶᠠᠷᠢᠶᠠᠨ ᠤ ᠲᠠᠪᠴᠠᠩ ᠢ ᠪᠠᠶᠢᠭᠤᠯᠵᠤ᠂ ᠸᠠᠺᠼᠢᠨ ᠦᠢᠯᠡᠳᠪᠦᠷᠢᠯᠡᠵᠦ | ᠰᠤᠳᠤᠯᠤᠨ ᠨᠡᠭᠡᠭᠡᠬᠦ ᠤᠯᠤᠰ᠂ ᠠᠵᠤ ᠠᠬᠤᠶᠢᠯᠠᠯ᠂ ᠠᠰᠢᠭ ᠲᠤᠰᠠ ᠳᠤ ᠬᠤᠯᠪᠣᠭᠳᠠᠬᠤ ᠲᠠᠯ᠎ᠠ ᠶᠢᠨ ᠬᠢᠨ ᠪᠦᠬᠦ | ᠪᠥᠮᠪᠥᠷᠴᠡᠭ ᠤᠨ ᠸᠠᠺᠼᠢᠨ ᠤ ᠡᠷᠬᠡ ᠲᠡᠭᠰᠢ ᠵᠦᠢ ᠵᠣᠬᠢᠰᠲᠠᠢ ᠬᠤᠪᠢᠶᠠᠷᠢᠯᠠᠯᠲᠠ ᠶᠢ ᠠᠬᠢᠭᠤᠯᠬᠤ ᠶᠢ ᠬᠠᠮᠲᠤ ᠪᠠᠷ ᠰᠤᠳᠤᠯᠤᠨ | ᠶᠠᠷᠢᠯᠴᠠᠬᠤ ᠰᠠᠨᠠᠭᠠᠴᠢᠯᠠᠭ᠎ᠠ ᠪᠠᠭᠳᠠᠵᠤ ᠪᠠᠶᠢᠨ᠎ᠠ᠃ ᠣᠳᠣᠬᠠᠨ ᠳᠤ ᠬᠢᠵᠢᠭ ᠤᠨ ᠪᠠᠶᠢᠳᠠᠯ ᠳᠠᠬᠢᠨ ᠳᠠᠪᠲᠠᠨ ᠡᠭᠦᠰᠴᠦ᠂ | ᠸᠢᠷᠦ᠋ᠰ ᠪᠠᠶᠢᠨ ᠳᠠᠬᠢᠨ ᠤᠨᠳᠤᠤᠰᠢᠵᠦ ᠪᠠᠶᠢᠨ᠎ᠠ᠃ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠤᠨ ᠬᠤᠷᠠᠯ ᠪᠦᠬᠦ | ᠪᠥᠮᠪᠥᠷᠴᠡᠭ ᠤᠨ ᠸᠠᠺᠼᠢᠨ ᠢ ᠡᠷᠬᠡ ᠲᠡᠭᠰᠢ ᠪᠠᠷ ᠬᠦᠷᠳᠡᠬᠦ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠬᠥᠭᠵᠢᠵᠦ ᠪᠠᠶᠢᠭ᠎ᠠ | ᠤᠯᠤᠰ ᠤᠳ ᠤᠨ ᠪᠦᠯᠬᠦᠮᠳᠡᠨ ᠬᠠᠮᠲᠤᠷᠠᠯᠴᠠᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠥᠮᠦᠨ ᠲᠥᠷᠥᠯᠬᠢᠲᠡᠨ ᠤ | ᠬᠢᠵᠢᠭ ᠤᠨ ᠪᠠᠶᠢᠳᠠᠯ ᠢ ᠡᠷᠲᠡᠬᠡᠨ ᠢᠯᠠᠨ ᠳᠠᠪᠠᠭ᠋ᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠪᠢ ᠬᠦᠰᠡᠵᠦ ᠪᠠᠶᠢᠨ᠎ᠠ ᠭᠡᠵᠤ | ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ | ᠴᠣᠭᠴᠠ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠳᠡᠯᠡᠬᠡᠶ ᠳ᠋ᠠᠬᠢᠨ ᠢᠯᠠᠩᠭᠤᠶ᠎ᠠ ᠥᠷᠭᠡᠨ ᠣᠯᠠᠨ ᠬᠥᠭᠵᠢᠵᠦ | ᠪᠠᠶᠢᠭ᠎ᠠ ᠤᠯᠤᠰ ᠲᠤ ᠸᠠᠺᠼᠢᠨ ᠬᠠᠩᠭᠠᠵᠤ᠂ ᠬᠠᠮᠲᠤᠷᠠᠯᠴᠠᠨ ᠦᠢᠯᠡᠳᠪᠦᠷᠢᠯᠡᠬᠦ ᠶᠢ ᠢᠳᠡᠪᠬᠢᠲᠡᠶ ᠦᠷᠨᠢᠭᠦᠯᠵᠦ ᠪᠤᠢ᠃ ᠡᠨᠡ | ᠪᠣᠯ ᠸᠠᠺᠼᠢᠨ ᠨᠢ ᠪᠥᠬᠦ ᠳᠡᠯᠡᠬᠡᠶ ᠶᠢᠨ ᠣᠯᠠᠨ ᠨᠡᠶᠢᠲᠡ ᠶᠢᠨ ᠦᠢᠯᠡᠳᠬᠦᠨ ᠪᠣᠯᠤᠭᠰᠠᠨ ᠤ ᠬᠤᠪᠢ ᠳᠤ ᠪᠠᠶᠢᠪᠠᠰᠤ ᠵᠣᠬᠢᠬᠤ | ᠤᠳᠬ᠎ᠠ ᠠᠭᠤᠯᠭ᠎ᠠ ᠮᠥᠨ᠃ ᠳᠤᠮᠳᠠᠳᠤ ᠤᠯᠤᠰ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠥᠷᠭᠡᠨ | ᠤᠯᠠᠨ ᠬᠥᠭᠵᠢᠵᠦ ᠪᠠᠶᠢᠭ᠎ᠠ ᠤᠯᠤᠰ ᠢ ᠬᠠᠪᠰᠤᠷᠤᠨ ᠬᠢᠵᠢᠭ ᠤᠨ ᠪᠠᠶᠢᠳᠠᠯ ᠢ ᠠᠷᠭᠠᠴᠠᠭᠠᠨ᠎ᠠ᠃ ᠡᠨᠡ ᠵᠢᠯ ᠳᠤ᠂ ᠳᠤᠮᠳᠠᠳᠤ | ᠤᠯᠤᠰ ᠪᠦᠬᠦ ᠳᠡᠯᠡᠬᠡᠢ ᠳᠤ 20 ᠳ᠋ᠦᠩᠰᠢᠭᠤᠷ ᠬᠤᠪᠢ ᠸᠠᠺᠼᠢᠨ ᠬᠠᠩᠭᠠᠬᠤ ᠪᠠᠷ ᠴᠢᠷᠮᠠᠶᠢᠨ᠎ᠠ᠃ ᠳᠤᠮᠳᠠᠳᠤ ᠤᠯᠤᠰ ︽ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠬᠡᠷᠡᠭᠵᠢᠭᠦᠯᠬᠦ ᠲᠥᠯᠥᠪᠯᠡᠭᠡ︾ ᠳᠤ 1 ᠳ᠋ᠦᠩᠰᠢᠭᠤᠷ ᠳ᠋ᠣᠯᠯᠠᠷ | ᠬᠠᠨᠳᠢᠪᠯᠠᠬᠤ ᠪᠠᠷ ᠲᠤᠭᠳᠠᠵᠦ᠂ ᠬᠥᠭᠵᠢᠵᠦ ᠪᠠᠶᠢᠭ᠎ᠠ ᠤᠯᠤᠰ ᠤᠳ ᠲᠤ ᠸᠠᠺᠼᠢᠨ ᠬᠤᠪᠢᠶᠠᠷᠢᠯᠠᠬᠤ ᠳᠤ ᠬᠡᠷᠡᠭᠯᠡᠬᠦ ᠪᠠᠷ | ᠪᠠᠶᠢᠨ᠎ᠠ᠃ ᠪᠢᠳᠠ ᠳᠤᠷᠠᠲᠠᠶ᠎ᠠ ᠳᠡᠯᠡᠬᠡᠢ ᠨᠡᠶᠢᠭᠡᠮ ᠲᠠᠢ ᠬᠠᠮᠲᠤ ᠪᠠᠷ ᠤᠯᠠᠨ ᠤᠯᠤᠰ ᠤᠨ ᠸᠠᠺᠼᠢᠨ ᠤ ᠬᠠᠮᠲᠤᠷᠠᠯᠴᠠᠭᠠᠨ ᠤ | ᠠᠬᠢᠴᠠ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ | ᠠᠬᠢᠭᠤᠯᠤᠨ᠎ᠠ ᠭᠡᠵᠤ ᠴᠢᠬᠤᠯᠠᠴᠢᠯᠠᠵᠠᠢ᠃ |