ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ 32 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ ᠢᠯᠡᠭᠡᠭᠰᠡᠨ ᠪᠠᠶᠠᠷ ᠤᠨ ᠴᠠᠬᠢᠯᠭᠠᠨ ᠴᠢᠮᠡᠭᠡ
ᠨᠡᠶᠢᠲᠡᠯᠡᠭᠰᠡᠨ ᠴᠠᠭ᠄
2021/8/11
ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ᠄      32 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠳᠤ ᠪᠦᠬᠦ ᠪᠦᠯᠬᠦᠮ ᠤᠨ ᠨᠥᠬᠦᠳ ᠭᠠᠷᠮᠠᠭᠠᠶ ᠢᠯᠡᠷᠡᠯ ᠲᠠᠢ ᠪᠠᠶᠢᠵᠤ᠂ 38 ᠠᠯᠲᠠᠨ ᠮᠧᠳᠠᠯ᠂ 32 ᠮᠥᠩᠭᠦᠨ ᠮᠧᠳᠠᠯ᠂ 18 ᠬᠦᠷᠡᠯ ᠮᠧᠳᠠᠯ ᠤᠨ ᠰᠢᠯᠢᠳᠡᠭ ᠬᠢᠷᠢ ᠪᠦᠲᠦᠮᠵᠢ ᠣᠯᠵᠤ᠂ ᠲᠠᠮᠢᠷ ᠤᠨ ᠬᠥᠳᠡᠯᠭᠡᠭᠡᠨ ᠤ ᠬᠢᠷᠢ ᠪᠦᠲᠦᠮᠵᠢ ᠪᠠ ᠣᠶᠤᠨ ᠤ ᠪᠣᠯᠪᠠᠰᠤᠨ ᠤ ᠬᠤᠣᠰ ᠠᠮᠵᠢᠯᠲᠠ ᠶᠢ ᠪᠡᠶᠡᠯᠡᠭᠦᠯᠵᠦ᠂ ᠡᠬᠡ ᠤᠯᠤᠰ ᠪᠠ ᠠᠷᠠᠳ ᠲᠦᠮᠡᠨ ᠳᠡᠭᠡᠨ ᠢᠷᠠᠭᠤ ᠠᠯᠳᠠᠷ ᠢ ᠠᠪᠴᠢᠷᠠᠬᠰᠡᠨ ᠪᠠᠶᠢᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠲᠠ ᠨᠠᠷ ᠲᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠳᠣᠲᠣᠨᠣ ᠲᠣᠬᠤᠨᠢᠭᠤᠯᠤᠯ ᠬᠦᠷᠭᠡᠵᠦ ᠪᠠᠶᠢᠨ᠎ᠠ︕      ᠲᠠ ᠨᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠤᠷᠤᠯᠳᠤᠭᠠᠨ ᠳᠤ ᠪᠡᠯᠡᠳᠭᠡᠵᠤ ᠤᠷᠤᠯᠳᠤᠭᠠᠨ ᠳᠤ ᠣᠷᠣᠯᠴᠠᠬᠤ ᠳᠤ ᠤᠴᠠᠷᠠᠭᠤᠯᠤᠭᠰᠠᠨ ᠬᠦᠨᠳᠦ ᠬᠡᠴᠡᠭᠦᠦ ᠥᠷᠢᠰᠥᠯᠳᠦᠭᠡᠨ ᠢ ᠢᠯᠡᠨ ᠳᠠᠪᠠᠵᠤ᠂ ᠬᠦᠴᠢᠷ ᠪᠡᠷᠬᠡᠰᠢᠶᠡᠯ ᠠᠴᠠ ᠠᠶᠤᠬᠤ ᠥᠬᠡᠶ᠂ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠵᠤ᠂ ᠵᠣᠷᠢᠭᠲᠠᠶ ᠪᠠᠷ ᠲᠦᠷᠦᠭᠦᠯᠡᠵᠦ᠂ ᠵᠣᠷᠢᠭᠲᠠᠶ  ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠤᠷᠤᠯᠳᠤᠭᠠᠨ ᠳᠤ ᠣᠷᠣᠯᠴᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠥᠩᠭᠡᠷᠡᠭᠰᠡᠨ 16 ᠡᠳᠦᠷ ᠲᠤ᠂ ᠡᠬᠡ ᠤᠯᠤᠰ ᠪᠣᠯᠤᠨ ᠠᠷᠠᠳ ᠲᠦᠮᠡᠨ ᠲᠠ ᠨᠠᠷ ᠤᠨ ᠤᠷᠤᠯᠳᠤᠭᠠᠨ ᠤ ᠲᠠᠯᠠᠪᠤᠷ ᠲᠠᠬᠢ ᠰᠢᠯᠢᠳᠡᠭ ᠢᠯᠡᠷᠡᠯ ᠢ ᠲᠦᠢᠯ ᠢᠶᠠᠷ ᠠᠩᠬᠠᠷᠴᠤ᠂ ᠮᠠᠨ ᠤ ᠤᠯᠤᠰ ᠤᠨ ᠲᠠᠮᠢᠷᠴᠢᠳ ᠤᠨ ᠣᠯᠤᠭᠰᠠᠨ ᠬᠢᠷᠢ ᠪᠦᠲᠦᠮᠵᠢ ᠨᠢᠭᠡ ᠪᠦᠷᠢ ᠳᠤ ᠪᠠᠶᠠᠷᠯᠡᠨ ᠣᠮᠣᠭᠰᠢᠬᠰᠠᠨ ᠪᠠᠶᠢᠨ᠎ᠠ᠃ ᠲᠠ ᠨᠠᠷ ᠨᠠᠮ ᠪᠣᠯᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠣᠷᠢᠭᠲᠠᠢ ᠪᠠᠷ ᠦᠷᠢᠰᠦᠯᠳᠦᠵᠦ᠂ ᠥᠪᠡᠷ ᠢ ᠪᠠᠨ ᠢᠯᠡᠨ ᠳᠠᠪᠠᠵᠤ ᠂ ᠳᠤᠮᠳᠠᠳᠤ ᠤᠯᠤᠰ ᠤᠨ ᠬᠦᠴᠦᠨ ᠴᠢᠳᠠᠯ ᠢ ᠪᠠᠳᠠᠷᠠᠭᠤᠯᠵᠤ᠂ ᠣᠮᠤᠭ ᠲᠡᠭᠦᠯᠳᠡᠷ ᠲᠡᠮᠡᠴᠡᠯ ᠤᠨ ᠵᠣᠷᠢᠭ᠂ ᠬᠠᠳᠠᠨ ᠪᠠᠲᠤ ᠣᠪᠣᠷ ᠰᠤᠷᠲᠠᠯ᠂ ᠭᠠᠷᠮᠠᠭᠠᠢ ᠤᠷ᠎ᠠ ᠴᠢᠳᠠᠪᠤᠷᠢ ᠪᠠᠨ ᠢᠯᠡᠷᠡᠭᠦᠯᠵᠦ᠂ ᠣᠯᠢᠮᠫᠢᠺ ᠤᠨ ᠵᠣᠷᠢᠭ ᠰᠠᠨᠠᠭ᠎ᠠ ᠪᠣᠯᠤᠨ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠵᠤ᠂ ︽ᠡᠭᠦᠷᠭᠡ ᠬᠠᠷᠢᠭᠤᠴᠠᠯᠭ᠎ᠠ ᠪᠠᠨ ᠡᠬᠦᠷᠭᠡᠯᠡᠵᠤ᠂ ᠡᠷᠡᠮᠡᠬᠡᠶᠢᠯᠡᠨ ᠲᠡᠮᠡᠴᠡᠬᠦ︾ ᠠᠮᠢᠳᠤᠷᠠᠬᠤᠢ ᠶᠢᠨ ᠲᠠᠩᠭᠠᠷᠢᠭ ᠢᠶᠠᠨ ᠪᠡᠶᠡᠯᠡᠭᠦᠯᠪᠡ᠃ ᠲᠠ ᠨᠠᠷ ᠳᠡᠯᠡᠬᠡᠢ ᠶᠢᠨ ᠡᠯ᠎ᠡ ᠤᠯᠤᠰ ᠡᠯ᠎ᠡ ᠭᠠᠵᠠᠷ ᠣᠷᠣᠨ ᠤ ᠲᠠᠮᠢᠷᠴᠢᠳ ᠲᠠᠢ ᠬᠠᠮᠲᠤ ᠤᠷᠤᠯᠳᠤᠵᠤ᠂ ᠬᠠᠷᠢᠯᠴᠠᠨ ᠵᠥᠪᠳᠡᠯᠴᠡᠵᠦ᠂ ᠰᠣᠯᠢᠯᠴᠠᠭ᠎ᠠ ᠪᠠᠨ ᠠᠬᠢᠭᠤᠯᠵᠤ᠂ ᠨᠥᠬᠦᠷᠯᠡᠯ ᠢᠶᠠᠨ ᠵᠤᠵᠠᠭᠠᠳᠬᠠᠵᠠᠢ᠃ ᠲᠠ ᠨᠠᠷ ᠤᠨ ᠭᠠᠷᠮᠠᠭᠠᠢ ᠢᠯᠡᠷᠡᠯ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠴᠢᠨᠠᠬᠰᠢᠳᠠ ᠬᠥᠭᠵᠢᠭᠡᠵᠦ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠪᠦᠯᠬᠦᠮᠳᠡᠨ ᠲᠡᠮᠡᠴᠡᠵᠥ᠂ ᠰᠡᠳᠬᠢᠯ ᠨᠢᠭᠡᠳᠤᠨ ᠬᠦᠴᠦ  ᠪᠠᠨ ᠬᠠᠮᠲᠤᠳᠬᠠᠬᠤ ᠳᠤ ᠤᠶᠤᠨ ᠰᠠᠨᠠᠭᠠᠨ ᠤ ᠬᠦᠴᠦᠨ ᠴᠢᠳᠠᠯ ᠨᠡᠮᠡᠷᠢᠯᠡᠪᠠ᠃      ᠣᠳᠣᠬᠠᠨ ᠳᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠶᠠᠭ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠣᠮᠤᠭ ᠲᠡᠭᠦᠯᠳᠡᠷ ᠤᠷᠤᠭᠰᠢᠯᠠᠵᠤ ᠪᠠᠶᠢᠨ᠎ᠠ᠃ ᠲᠠ ᠨᠠᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠢᠷᠠᠭᠤ ᠠᠯᠳᠠᠷᠲᠤ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠪᠠᠷᠳᠠᠮᠨᠠᠬᠤ ᠦᠭᠡᠢ ᠪᠠᠴᠢᠮᠳᠠᠬᠤ ᠦᠭᠡᠢ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠮᠠᠨ ᠤ ᠤᠯᠤᠰ ᠤᠨ ᠥᠷᠢᠰᠥᠯᠳᠦᠭᠡᠨᠳᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠠᠭᠠᠨ ᠢᠷᠠᠭᠤ ᠠᠯᠳᠠᠷ ᠣᠯᠭᠤᠬᠤ ᠴᠢᠳᠠᠪᠤᠷᠢ ᠪᠠᠨ ᠳᠡᠭᠡᠭᠰᠢᠯᠡᠭᠦᠯᠵᠦ᠂ ᠥᠷᠭᠡᠨ ᠤᠯᠠᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠲᠠᠶᠢᠴᠢᠯᠠᠵᠥ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠬᠦᠴᠦᠨ ᠢᠶᠠᠨ ᠡᠷᠭᠦᠬᠦ ᠶᠢ ᠬᠦᠰᠡᠵᠦ ᠪᠠᠶᠢᠨ᠎ᠠ᠃      ᠡᠬᠡ ᠤᠯᠤᠰ ᠪᠣᠯᠤᠨ ᠠᠷᠠᠳ ᠲᠦᠮᠡᠨ ᠴᠢᠨᠢ ᠲᠠ ᠨᠠᠷ ᠤᠨ ᠠᠮᠤᠷ ᠲᠦᠪᠰᠢᠨ ᠤᠷᠤᠭᠰᠢᠲᠠᠶ ᠪᠤᠴᠠᠵᠤ ᠢᠷᠡᠬᠦ ᠶᠢ ᠬᠦᠰᠡᠨ ᠬᠦᠯᠢᠶᠠᠵᠤ ᠪᠠᠶᠢᠨ᠎ᠠ︕       ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ         2021 ᠣᠨ ᠤ 8 ᠰᠠᠷ᠎ᠠ ᠶᠢᠨ 8 ᠤ ᠡᠳᠦᠷ    ︵ᠰᠢᠨᠬᠤᠸᠠ ᠬᠤᠷᠢᠶᠠᠨ ᠤ ᠪᠡᠬᠡᠵᠢᠩ ᠤᠨ 8 ᠰᠠᠷ᠎ᠠ ᠶᠢᠨ 8 ᠤ ᠴᠠᠬᠢᠯᠭᠠᠨ ᠮᠡᠳᠡᠭᠡ︶
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号