ᠬᠤᠰᠢᠭᠤ ᠤᠯᠤᠰ ᠲᠥᠷᠥ ᠶᠢᠨ ᠵᠥᠪᠯᠡᠯᠭᠡᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠰᠬᠠᠶ ᠰᠡᠳᠦᠪᠲᠦ ᠬᠢᠨᠠᠯᠲᠠ ᠲᠠᠯᠪᠢᠬᠤ ᠵᠥᠪᠯᠡᠯᠭᠡᠨ ᠤ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2021/8/13
     8 ᠰᠠᠷ᠎ᠠ ᠶᠢᠨ 6 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ︽ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ︾ ᠤᠨ ᠲᠤᠬᠠᠶ ᠲᠤᠰᠬᠠᠶ ᠰᠡᠳᠦᠪᠲᠦ ᠬᠢᠨᠠᠯᠲᠠ ᠲᠠᠯᠪᠢᠬᠤ ᠵᠥᠪᠯᠡᠯᠭᠡᠨ ᠤ ᠬᠤᠷᠠᠯ ᠬᠤᠷᠠᠯᠳᠤᠭᠤᠯᠵᠤ᠂ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠵᠥᠪᠯᠡᠯ ᠤᠨ ᠡᠷᠬᠢᠯᠡᠭᠴᠢ ᠵᠧᠤ ᠬᠦᠶ ᠴᠢᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠱᠧᠨ ᡁᠢ ᠴᠢᠶᠠᠩ᠂ ᠬᠤᠰᠢᠭᠤᠨ ᠳᠡᠳ᠋ ᠳᠠᠷᠤᠭ᠎ᠠ ᠽᠦᠸᠧ ᠰᠢᠶᠠᠩ ᠯᠦᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠭᠦᠸᠧ ᠵᠢᠶᠦ᠋ᠨ᠂ ᠯᠢ ᠵᠣᠣ ᠡᠾᠦ᠋ᠢ ᠬᠤᠷᠠᠯ ᠳᠤ  ᠤᠷᠤᠯᠴᠠᠵᠠᠢ᠃ ᠵᠧᠦ ᠬᠦᠢ ᠴᠢᠩ ᠵᠢᠭᠠᠵᠤ ᠭᠠᠷᠭᠠᠭᠰᠠᠨ ᠨᠢ᠂ ᠮᠠᠨ ᠤ ᠬᠤᠰᠢᠭᠤᠨ ᠤ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠤᠨ ᠲᠦᠷᠦᠯ ᠵᠦᠢᠯ ᠢ ᠦᠷᠭᠦᠯᠵᠢᠯᠡᠨ ᠴᠢᠩᠭ᠎ᠠ ᠨᠠᠶᠢᠳᠠᠪᠣᠷᠢᠵᠢᠭᠤᠯᠵᠣ᠂ ᠡᠯ᠎ᠡ ᠲᠦᠷᠦᠯ ᠵᠦᠢᠯ ᠤᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠨ ᠤᠯᠠᠮᠵᠢᠯᠠᠬᠤ ᠬᠡᠷᠡᠭᠲᠡᠢ︔ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠣ᠂ ᠣᠯᠠᠨ ᠲᠦᠮᠡᠨ ᠤ ᠳᠠᠨᠢᠯᠳᠠ ᠶᠢ ᠳᠡᠭᠡᠭᠰᠢᠯᠡᠭᠦᠯᠦᠨ᠂ ᠢᠳᠡᠪᠬᠢᠲᠡᠢ ᠣᠷᠣᠯᠴᠠᠭᠤᠯᠵᠣ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠲᠡᠢ︔ ᠣᠷᠴᠢᠨ ᠲᠣᠭᠤᠷᠢᠨ ᠢ ᠬᠠᠮᠠᠭᠠᠯᠠᠬᠤ ᠲᠠᠯ᠎ᠠ ᠶᠢᠨ ᠲᠦᠷᠦ ᠶᠢᠨ ᠪᠤᠳᠤᠯᠭ᠎ᠠ᠂ ᠲᠣᠭᠲᠠᠴᠠ ᠶᠢᠨ ᠰᠢᠨ᠎ᠡ ᠶᠢ ᠡᠭᠦᠳᠬᠦ ᠵᠢᠴᠢ ᠲᠦᠷᠢᠮ ᠢ ᠲᠡᠭᠦᠯᠳᠡᠷᠵᠢᠭᠦᠯᠬᠦ ᠶᠢ ᠭᠤᠣᠯᠳᠠᠯᠭ᠎ᠠ ᠲᠠᠢ ᠴᠢᠩᠭᠠᠳᠬᠠᠵᠤ᠂ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠬᠦ ᠠᠵᠢᠯ   ᠢ ᠪᠤᠳᠠᠳᠠᠢ ᠪᠠᠷ ᠰᠠᠶᠢᠲᠤᠷ ᠬᠡᠷᠡᠭᠲᠡᠢ ᠭᠡᠵᠠᠢ᠃    ᠱᠧᠨ ᡁᠢ ᠴᠢᠶᠠᠩ ᠢᠯᠡᠷᠬᠡᠶᠢᠯᠡᠬᠦ ᠳᠡᠭᠡᠨ᠂ ᠮᠠᠨ ᠤ ᠬᠤᠰᠢᠭᠤ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ᠂ᠬᠠᠷᠠᠯᠲᠠ ᠪᠠ ᠪᠡᠯᠡ ᠣᠷᠣᠭᠤᠯᠤᠯᠲᠠ ᠶᠢᠨ ᠲᠣᠭᠲᠠᠴᠠ ᠶᠢᠨ ᠲᠠᠯ᠎ᠠ  ᠪᠠᠷ  ᠬᠢ ᠬᠤᠪᠢᠷᠠᠯᠲᠠ ᠶᠢ ᠴᠢᠬᠤᠯᠠᠴᠢᠯᠠᠵᠤ᠂ ᠵᠥᠪᠯᠡᠬᠦ ᠮᠠᠶ᠋ᠢᠭ ᠤᠨ ᠬᠢᠨᠠᠯᠲᠠ ᠶᠢᠨ ᠳᠠᠪᠠᠭᠤᠯᠢᠭ ᠢ ᠰᠠᠶᠢᠲᠤᠷ ᠪᠠᠳᠠᠷᠠᠭᠤᠯᠤᠨ᠂ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠬᠤ ᠵᠡᠷᠭᠡ ᠲᠠᠯ᠎ᠠ ᠪᠠᠷ ᠨᠠᠩ ᠣᠯᠠᠨ ᠬᠠᠶᠢᠨ ᠰᠥᠪᠡᠭᠴᠢᠯᠡᠯᠲᠡ ᠪᠠ ᠰᠢᠨ᠎ᠡ ᠡᠭᠦᠳᠦᠯᠲᠡ ᠬᠢᠵᠦ᠂ ᠵᠠᠰᠠᠭ ᠲᠤ ᠲᠤᠰᠠᠯᠠᠬᠤ ᠶᠠᠰᠤ ᠴᠢᠨᠠᠷ ᠢᠶᠠᠨ ᠲᠠᠰᠤᠷᠠᠯᠲᠠ ᠥᠬᠡᠶ ᠲᠡᠭᠡᠭᠰᠢᠯᠡᠬᠦᠯᠦᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠨ ᠢᠶᠠᠷ ᠦᠢᠯᠡᠴᠢᠯᠡᠬᠦ ᠪᠤᠯᠤᠨ᠎ᠠ ᠭᠡᠵᠡᠶ᠃       ᠽᠦᠸᠧ ᠰᠢᠶᠠᠩ ᠯᠦᠩ᠂ ᠯᠢ ᠵᠣᠣ ᠡᠾᠦ᠋ᠢ ᠲᠤᠰ ᠪᠦᠷᠢ ᠮᠠᠨ ᠤ ᠬᠤᠰᠢᠭᠤᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ᠃                                                       ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠳᠦᠪ ᠦᠨ ᠮᠣᠩᠭᠤᠯ ᠨᠠᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号