ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠥᠪᠯᠡᠯ ᠤᠨ ᠡᠷᠬᠢᠯᠡᠭᠴᠢ ᠵᠧᠤ ᠬᠦᠶ ᠴᠢᠩ ᠮᠠᠨ ᠤ ᠬᠤᠰᠢᠭᠤᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2021/8/13
     8 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠵᠥᠪᠯᠡᠯ ᠤᠨ ᠡᠷᠬᠢᠯᠡᠭᠴᠢ ᠵᠧᠤ ᠬᠦᠶ ᠴᠢᠩ ᠮᠠᠨ ᠤ ᠬᠤᠰᠢᠭᠤᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ  ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠱᠧᠨ ᡁᠢ ᠴᠢᠶᠠᠩ᠂ ᠬᠤᠰᠢᠭᠤᠨ ᠳᠡᠳ᠋ ᠳᠠᠷᠤᠭ᠎ᠠ ᠽᠦᠸᠧ ᠰᠢᠶᠠᠩ ᠯᠦᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠭᠦᠸᠧ ᠵᠢᠶᠦ᠋ᠨ᠂ ᠯᠢ ᠵᠤᠤ ᠡᠾᠦ᠋ᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃
     ᠵᠧᠦ ᠬᠦᠢ ᠴᠢᠩ ᠵᠡᠷᠭᠡ ᠬᠦᠮᠦᠰ ᠤᠷᠢᠳ ᠬᠤᠵᠢᠳ ᠴᠠᠭᠠᠨᠬᠠᠳᠠ ᠰᠤᠮᠤ ᠶᠢᠨ ᠤᠯᠠᠭᠠᠩᠭᠡᠷᠡᠯ ᠭᠠᠴᠠᠭᠠᠨ ᠤ ᠲᠠᠷᠢᠶᠠᠯᠠᠬᠤ ᠶᠢ ᠵᠣᠭᠰᠣᠭᠠᠵᠤ ᠤᠢ ᠮᠣᠳᠣ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ᠂ ᠪᠢᠯᠡᠬᠦᠲᠡᠢ ᠪᠠᠯᠭᠠᠰᠤᠨ ᠤ ᠳ᠋ᠦᠩ ᠹᠠᠩ ᠬᠤᠩ ᠲᠣᠰᠬᠤᠨ ᠤ ᠤᠷᠭᠤᠮᠠᠯ ᠤᠨ ᠪᠦᠷᠬᠦᠴᠡ ᠶᠢ ᠰᠡᠷᠭᠦᠭᠡᠨ ᠣᠶᠢᠵᠢᠭᠤᠯᠬᠤ ᠢᠨᠵᠧᠨᠧᠷᠢᠩ ᠤᠨ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠨ ᠣᠶᠢᠵᠢᠭᠤᠯᠬᠤ ᠢᠨᠵᠧᠨᠧᠷᠢᠩ ᠢ ᠪᠣᠳᠠᠲᠠᠶ ᠬᠡᠷᠡᠭᠵᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢ ᠭᠦᠨᠵᠡᠭᠡᠶ ᠤᠶᠢᠯᠠᠭᠠᠭᠰᠠᠨ ᠪᠠᠶᠢᠨ᠎ᠠ᠃      ᠵᠧᠦ ᠬᠦᠢ ᠴᠢᠩ ᠵᠢᠭᠠᠵᠤ ᠭᠠᠷᠭᠠᠬᠤ ᠳᠠᠭᠠᠨ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ  ᠡᠬᠡ ᠪᠠᠶᠢᠭᠠᠯᠢ ᠶᠢᠨ ᠡᠷᠳᠡᠨᠢ ᠮᠦᠨ᠂ ᠰᠢ ᠶᠢᠨ ᠫᠢᠩ ᠶᠡᠷᠦᠩᠬᠡᠶ ᠱᠦᠵᠢ ᠶᠢᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ ᠶᠢ ᠪᠠᠷᠢᠮᠲᠠᠯᠠᠨ᠂ ᠡᠯ᠎ᠡ ᠬᠠᠮᠢᠶ᠎ᠠ ᠪᠦᠬᠦᠢ ᠨᠢᠭᠡᠴᠡ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ ᠪᠠᠶᠢᠭ᠎ᠠ   ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠢᠳᠡᠪᠬᠢᠲᠡᠢ ᠡᠷᠡᠮᠡᠯᠵᠡᠯᠡᠨ᠂ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠡᠷᠡᠭᠵᠢᠭᠦᠯᠵᠦ᠂ ᠤᠢ ᠰᠢᠭᠤᠶ᠂ ᠤᠰᠤᠨ ᠠᠰᠢᠭᠯᠠᠯᠲᠠ᠂ ᠨᠤᠲᠤᠭ ᠪᠡᠯᠴᠢᠭᠡᠷ ᠵᠡᠷᠭᠡ ᠪᠦᠳᠦᠬᠡᠨ ᠪᠠᠶᠢᠭᠤᠯᠤᠯᠲᠠ ᠳᠠᠬᠢ ᠪᠡᠯᠡ ᠣᠷᠣᠭᠤᠯᠤᠯᠲᠠ ᠶᠢᠨ ᠡᠷᠴᠢᠮ  ᠢᠶᠠᠨ ᠨᠡᠮᠡᠭᠳᠡᠭᠦᠯᠬᠦ ᠬᠡᠷᠡᠭᠲᠡᠶ᠃ ᠤᠢ ᠰᠢᠭᠤᠢ ᠶᠢᠨ ᠵᠠᠯᠭᠠᠮᠵᠢ ᠠᠵᠤ ᠦᠢᠯᠡᠰ ᠤᠨ ᠲᠥᠯᠥᠪᠵᠢᠭᠦᠯᠭᠡ ᠪᠣᠯᠤᠨ ᠤᠯᠠᠨ ᠡᠰᠢᠲᠦ ᠪᠡᠯᠡ ᠣᠷᠣᠭᠤᠯᠤᠯᠲᠠ ᠶᠢᠨ ᠡᠷᠴᠢᠮ ᠢ ᠴᠢᠨᠠᠭᠰᠢᠳᠠ ᠴᠢᠩᠭᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠬᠤ ᠶᠢ ᠵᠣᠭᠰᠣᠭᠠᠬᠤ ᠵᠠᠯᠭᠠᠮᠵᠢ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠤᠨᠴᠠᠯᠢᠬᠳᠤ ᠤᠢ ᠰᠢᠭᠤᠢ ᠶᠢᠨ ᠠᠵᠤ ᠦᠢᠯᠡᠰ  ᠂ ᠤᠨᠴᠠᠯᠢᠬᠳᠤ ᠲᠡᠵᠢᠭᠡᠨ ᠦᠷᠡᠵᠢᠭᠦᠯᠬᠦ ᠦᠢᠯᠡᠰ ᠵᠡᠷᠭᠡ ᠶᠢ ᠬᠥᠭᠵᠢᠭᠦᠯᠵᠦ᠂ ᠠᠵᠤ ᠠᠬᠤᠢ ᠶᠢᠨ ᠦᠷ᠎ᠡ ᠠᠰᠢᠭ ᠪᠣᠯᠤᠨ ᠠᠮᠢ ᠠᠬᠤᠢ ᠶᠢᠨ ᠦᠷ᠎ᠡ ᠠᠰᠢᠭ ᠢ ᠤᠶᠠᠯᠳᠤᠭᠤᠯᠵᠤ᠂ ᠠᠮᠢ ᠠᠬᠤᠢ ᠶᠢ ᠬᠠᠮᠠᠭᠠᠯᠠᠵᠤ᠂ ᠤᠯᠠᠨ ᠲᠦᠮᠡᠨ ᠳᠤ ᠪᠣᠳᠠᠲᠤ ᠠᠰᠢᠭ ᠬᠦᠷᠲᠡᠭᠡᠬᠦ ᠬᠡᠷᠡᠭᠲᠡᠢ ᠭᠡᠰᠡᠨ ᠪᠠᠶᠢᠨ᠎ᠠ᠃                                                              ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ
 
ᠢᠷᠡᠯᠲᠡ᠄ ᠪᠠᠭᠠᠷᠢᠨ ᠵᠡᠭᠦᠨ ᠬᠣᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号