ᠬᠤᠲᠠ ᠶᠢᠨ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠯᠢᠨ ᠵᠢᠩ ᠬᠤᠸᠠ ᠮᠠᠨ ᠤ ᠬᠤᠰᠢᠭᠤᠨ ᠳᠤ ᠢᠷᠡᠵᠦ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2021/8/19
   ᠤᠶᠢᠷ᠎ᠠ ᠶᠢᠨ ᠡᠳᠦᠷ᠂ ᠬᠤᠲᠠ ᠶᠢᠨ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠲᠤᠭᠤᠶᠢᠯᠠᠩ ᠤᠨ ᠭᠡᠰᠢᠭᠦᠨ᠂ ᠲᠡᠳ᠋ ᠲᠡᠷᠢᠬᠦᠯᠡᠭᠴᠢ ᠯᠢᠨ ᠵᠢᠩ ᠬᠤᠸᠠ ᠪᠠᠶᠢᠴᠠᠭᠠᠨ ᠰᠤᠳᠤᠯᠬᠤ ᠲᠤᠭᠤᠶᠢᠯᠠᠩ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ ᠬᠤᠰᠢᠭᠤᠨ ᠤ ᠤᠳᠤᠷᠢᠳᠤᠯᠭ᠎ᠠ ᠷᠧᠨ ᠰᠢ᠂ ᠱᠧᠨ ᡁᠢ ᠴᠢᠶᠠᠩ᠂ ᠪᠤᠤ ᠱᠤᠸᠠᠩ ᠴᠢᠤᠸᠠᠨ᠂ ᠸᠠᠩ ᠶᠠᠨ ᠪᠦᠸᠧ᠂ ᠯᠢ ᠴᠧᠩ ᠭᠧ ᠪᠠᠷ᠎ᠠ ᠪᠤᠯᠵᠤ  ᠪᠠᠶᠢᠴᠠᠭᠠᠨ᠂ ᠬᠤᠲᠠ ᠶᠢᠨ ᠤᠯᠤᠰ ᠲᠦᠷᠦ ᠶᠢᠨ ᠵᠦᠪᠯᠡᠯᠬᠡᠨ ᠤ ᠬᠠᠮᠢᠶ᠎ᠠ ᠪᠦᠬᠦᠢ ᠨᠦᠬᠦᠳ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃     ᠯᠢᠨ ᠵᠢᠩ ᠬᠤᠸᠠ ᠵᠡᠷᠭᠡ ᠬᠦᠮᠦᠰ ᠤᠷᠢᠳ ᠬᠤᠵᠢᠳ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠰᠤᠷᠭᠠᠨ ᠬᠦᠮᠦᠵᠢᠯ ᠤᠨ ᠰᠠᠭᠤᠷᠢᠨ ᠭᠠᠵᠠᠷ᠂ ᠯᠢᠨᠳᠦ᠋ᠩ ᠤᠨ ᠵᠢᠷᠭᠤᠳᠤᠭᠠᠷ ᠲᠤᠮᠳᠠᠳᠤ ᠰᠤᠷᠭᠠᠭᠤᠯᠢ᠂ ᠬᠤᠰᠢᠭᠤ ᠠᠷᠠᠳ ᠤᠨ ᠪᠠᠶᠢᠴᠠᠭᠠᠬᠤ ᠬᠤᠷᠢᠶ᠎ᠠ ᠵᠡᠷᠭᠡ ᠭᠠᠵᠠᠷ ᠤᠳ ᠢᠶᠠᠷ ᠬᠦᠷᠴᠦ ᠮᠠᠨ ᠤ ᠬᠤᠰᠢᠭᠤᠨ ᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠤ ᠲᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃     ᠮᠠᠨ ᠤ ᠬᠤᠰᠢᠭᠤᠨ ᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ  ᠶᠢ ᠰᠤᠨᠤᠰᠤᠭᠰᠠᠨ ᠤ ᠲᠠᠷᠠᠭ᠎ᠠ ᠯᠢᠨ ᠵᠢᠩ ᠬᠤᠸᠠ ᠵᠢᠭᠠᠵᠤ ᠭᠠᠷᠭᠠᠭᠰᠠᠨ ᠨᠢ᠂ ᠨᠠᠰᠤᠨ ᠳᠤ ᠦᠯᠦ ᠬᠦᠷᠦᠭᠰᠡᠳ  ᠤᠨ ᠬᠠᠤᠯᠢ ᠵᠦᠷᠢᠴᠡᠵᠦ ᠶᠠᠯ᠎ᠠ ᠬᠢᠬᠦ ᠠᠴᠠ ᠰᠡᠷᠭᠡᠶᠢᠯᠡᠬᠦ ᠨᠢ ᠲᠡᠳᠡᠨᠡᠷ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠤᠯᠪᠤᠭᠳᠠᠬᠤ ᠪᠠᠷ ᠪᠠᠷᠠᠬᠤ ᠦᠬᠡᠢ ᠨᠡᠶᠢᠭᠡᠮ ᠤᠨ ᠡᠶ᠎ᠡ ᠵᠤᠬᠢᠴᠠᠩᠭᠤᠢ᠂ ᠲᠤᠭᠳᠠᠭᠤᠨ ᠪᠠᠶᠢᠳᠠᠯ   ᠢ ᠰᠢᠭᠤᠳ ᠨᠦᠯᠦᠭᠡᠯᠡᠬᠦ ᠪᠤᠯᠤᠨ᠎ᠠ᠃ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠤᠨ ᠬᠠᠤᠯᠢ ᠵᠦᠷᠢᠴᠡᠵᠦ ᠶᠠᠯ᠎ᠠ ᠬᠢᠭᠰᠡᠨ ᠨᠡᠶᠢᠳᠡᠯᠢᠭ ᠵᠢᠱᠢᠶᠡᠨ  ᠠᠴᠠ ᠲᠤᠷᠰᠢᠯᠭ᠎ᠠ ᠰᠤᠷᠭᠠᠮᠵᠢ ᠠᠪᠴᠤ᠂ ᠰᠡᠷᠭᠡᠶᠢᠯᠡᠯᠲᠡ ᠶᠢ ᠴᠢᠩᠭᠠᠳᠬᠠᠬᠤ ᠬᠡᠷᠡᠭᠲᠡᠢ᠃ ᠬᠠᠮᠲᠤᠷᠠᠯᠴᠠᠭ᠎ᠠ ᠪᠠᠨ ᠨᠢᠭᠳᠠᠷᠠᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠮᠲᠤᠪᠠᠷ ᠠᠳᠬᠤᠵᠤ ᠴᠤᠭᠭᠠᠷ ᠬᠠᠮᠢᠶᠠᠷᠬᠤ ᠠᠵᠢᠯ ᠤᠨ ᠪᠠᠶᠢᠳᠠᠯ ᠢ ᠪᠤᠢ ᠪᠤᠯᠭᠠᠨ᠂ ᠮᠠᠨ ᠤ ᠬᠤᠰᠢᠭᠤᠨ ᠤ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠨᠡᠩ ᠶᠡᠭᠡ ᠪᠤᠳᠠᠳᠤ ᠦᠷ᠎ᠡ ᠠᠰᠢᠭ ᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃                                                  ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ          
 
ᠢᠷᠡᠯᠲᠡ᠄ ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号