ᠮᠠᠨ ᠤ ᠬᠤᠰᠢᠭᠤ 2021 ᠣᠨ ᠤ ᠠᠷᠢᠭᠤᠨ ᠴᠢᠬᠡᠴᠢ ᠪᠠᠷ ᠴᠡᠷᠢᠭ ᠡᠯᠰᠡᠬᠦ ᠰᠡᠷᠡᠮᠵᠢ ᠬᠥᠮᠦᠵᠢᠯ ᠤᠨ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2021/8/19
    ᠤᠷᠴᠢᠮ ᠤᠨ ᠡᠳᠦᠷ᠂ ᠮᠠᠨ ᠤ ᠬᠤᠰᠢᠭᠤ 2021 ᠣᠨ ᠤ ᠠᠷᠢᠭᠤᠨ ᠴᠢᠬᠡᠴᠢ ᠪᠠᠷ ᠴᠡᠷᠢᠭ ᠡᠯᠰᠡᠬᠦ  ᠰᠡᠷᠡᠮᠵᠢ ᠬᠥᠮᠦᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ  ᠪᠠᠶᠢᠩᠭᠤ  ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠭᠡᠰᠢᠭᠦᠨ ᠵᠠᠶ ᠯᠢ ᠵᠢᠶᠦ᠋ᠨ ᠬᠤᠷᠠᠯ ᠳᠤ ᠣᠷᠣᠯᠴᠠᠵᠠᠶ᠃       ᠬᠤᠷᠠᠯ ᠳᠡᠭᠡᠷ᠎ᠡ᠂ ᠵᠠᠢ ᠯᠢ ᠵᠢᠶᠦ᠋ᠨ ᠡᠨᠡ ᠵᠢᠯ ᠤᠨ ᠴᠡᠷᠢᠭ ᠡᠯᠰᠡᠬᠦ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠩᠬᠠᠨ ᠤ ᠪᠠᠶᠢᠴᠠᠭᠠᠯᠲᠠ ᠠᠩᠬᠠᠨ ᠤ ᠬᠢᠨᠠᠯᠲᠠ ᠶᠢᠨ ᠠᠵᠢᠯ ᠢ  ᠴᠢᠩᠭᠠᠳᠬᠠᠨ᠂ ᠴᠡᠷᠢᠭ ᠡᠯᠰᠡᠬᠦ ᠵᠥᠪ ᠤᠳᠤᠷᠢᠳᠤᠮᠵᠢ ᠶᠢ ᠪᠤᠶ ᠪᠣᠯᠭᠠᠬᠤ ᠬᠡᠷᠡᠭᠲᠡᠶ᠃ ᠪᠡᠶ᠎ᠡ ᠶᠢᠨ ᠪᠠᠶᠢᠴᠠᠭᠠᠯᠲᠠ ᠪᠠ ᠤᠯᠤᠰ ᠲᠥᠷᠥ ᠶᠢᠨ ᠬᠢᠨᠠᠨ ᠰᠢᠯᠭᠠᠯᠲᠠ ᠳᠤ ᠣᠷᠣᠯᠴᠠᠭᠰᠠᠨ ᠪᠤᠶ ᠪᠦᠬᠦᠢ ᠬᠥᠮᠦᠰ ᠤᠯᠤᠰ ᠲᠥᠷᠥ ᠵᠢᠨ‌ᠵᠣᠭᠰᠣᠴᠠ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠥᠪᠡᠷ ᠢ ᠪᠠᠨ ᠴᠢᠩᠭ᠎ᠠ ᠱᠠᠭᠠᠷᠳᠠᠵᠤ᠂ ᠳᠡᠭᠡᠳᠦ ᠬᠡᠮᠵᠢᠶᠡᠨ ᠤ ᠠᠵᠢᠯ ᠦᠢᠯᠡᠰᠴᠢ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠪᠠᠶᠢᠴᠠᠭᠠᠬᠤ ᠪᠠ ᠬᠢᠨᠠᠨ ᠰᠢᠯᠭᠠᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠤᠢᠢᠯᠠᠭᠠᠨ ᠡᠵᠡᠮᠰᠢᠵᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠤᠷᠢᠭ᠎ᠠ ᠱᠤᠭᠤᠮ ᠢ ᠴᠢᠩᠭ᠎ᠠ ᠰᠠᠬᠢᠨ᠂ ᠰᠠᠬᠢᠯᠭ᠎ᠠ ᠪᠠᠲᠤ ᠶᠣᠰᠣ ᠲᠦᠷᠢᠮ ᠤᠨ ᠤᠯᠠᠭᠠᠨ ᠱᠤᠭᠤᠮ ᠠᠴᠠ ᠳᠠᠪᠠᠭ᠋ᠤ ᠦᠭᠡᠢ᠂ ᠵᠣᠷᠢᠭᠤᠳᠠ ᠪᠠᠷᠢᠮᠵᠢᠶ᠎ᠠ ᠶᠢ ᠠᠭᠤᠵᠢᠭᠤ ᠲᠠᠯᠪᠢᠬᠤ ᠪᠠ ᠪᠠᠷᠢᠮᠵᠢᠶ᠎ᠠ ᠶᠢ ᠳᠡᠭᠡᠭᠰᠢᠯᠡᠭᠦᠯᠬᠦ ᠦᠭᠡᠢ ᠪᠠᠶᠢᠵᠤ᠂ ᠪᠡᠶ᠎ᠡ ᠶᠢᠨ ᠪᠠᠶᠢᠴᠠᠭᠠᠯᠲᠠ ᠪᠠ ᠤᠯᠤᠰ ᠲᠦᠷᠦ ᠶᠢᠨ ᠰᠢᠯᠭᠠᠯᠲᠠ ᠶᠢᠨ ᠪᠣᠭᠤᠮᠲᠠ ᠶᠢ ᠰᠠᠶᠢᠲᠤᠷ ᠰᠠᠬᠢᠨ᠂ ᠴᠡᠷᠢᠭ ᠠᠩᠭᠢ ᠳᠤ ᠬᠢᠷᠢ ᠲᠡᠩᠴᠡᠭᠰᠡᠨ ᠴᠢᠨᠠᠷ ᠰᠠᠶᠢᠲᠠᠢ ᠴᠡᠷᠢᠭ ᠢ ᠬᠦᠷᠭᠡᠵᠦ ᠥᠭᠬᠦ ᠬᠡᠷᠡᠭᠲᠡᠢ ᠭᠡᠰᠡᠨ ᠪᠠᠶᠢᠨ᠎ᠠ᠃     ᠬᠤᠷᠠᠯ ᠠᠴᠠ ᠪᠠᠰᠠ ᠠᠷᠢᠭᠤᠨ ᠴᠢᠬᠡᠴᠢ ᠪᠠᠷ ᠴᠡᠷᠢᠭ ᠡᠯᠰᠡᠬᠦ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠤᠯᠠᠮᠵᠢᠯᠠᠨ ᠰᠤᠷᠤᠯᠴᠠᠵᠤ᠂ ︽ᠴᠡᠷᠢᠭ ᠡᠯᠰᠡᠬᠦ ᠠᠵᠢᠯ ᠤᠨ ᠰᠠᠬᠢᠯᠭ᠎ᠠ ᠪᠠᠲᠤ ᠶᠢ ᠴᠢᠨᠠᠭᠰᠢᠳᠠ ᠴᠢᠩᠭᠠᠳᠬᠠᠬᠤ ᠲᠤᠬᠠᠢ ᠮᠡᠳᠡᠭᠳᠡᠯ︾ ᠢ ᠤᠩᠰᠢᠨ ᠨᠡᠶᠢᠲᠡᠯᠡᠭᠰᠡᠨ ᠪᠥᠭᠡᠳ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠵᠦᠢ ᠵᠣᠬᠢᠰᠲᠠᠢ ᠰᠠᠨᠠᠯ ᠳᠤᠷᠠᠳᠴᠠᠢ᠃      ᠡᠯ᠎ᠡ ᠰᠤᠮᠤ ᠰᠢᠶᠠᠩ ᠪᠠᠯᠭᠠᠰᠤ  ᠶᠢᠨ ᠲᠤᠰᠬᠠᠢ ᠮᠡᠷᠭᠡᠵᠢᠯ ᠤᠨ ᠺᠠᠳ᠋ᠷ᠂ ᠪᠡᠶ᠎ᠡ ᠶᠢᠨ ᠪᠠᠶᠢᠴᠠᠭᠠᠯᠲᠠ ᠶᠢᠨ ᠡᠮᠴᠢ ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠴᠢ᠂ ᠤᠯᠤᠰ ᠲᠦᠷᠦ ᠶᠢᠨ ᠬᠢᠨᠠᠨ ᠰᠢᠯᠭᠠᠬᠤ ᠳᠤᠭᠤᠶᠢᠯᠠᠩ ᠤᠨ ᠪᠦᠷᠢᠯᠳᠦᠬᠦᠨ᠂ ᠴᠡᠷᠢᠭ ᠤᠨ ᠶᠠᠪᠤᠳᠠᠯ ᠤᠨ ᠰᠠᠯᠠᠭ᠎ᠠ᠂ ᠤᠯᠤᠰ ᠲᠦᠷᠦ ᠶᠢᠨ ᠮᠡᠷᠭᠡᠵᠢᠯ ᠤᠨ ᠰᠠᠯᠠᠭᠠᠨ ᠤ ᠬᠠᠮᠢᠶ᠎ᠠ ᠪᠦᠬᠦᠢ ᠬᠥᠮᠦᠰ ᠬᠤᠷᠠᠯ ᠳᠤ ᠣᠷᠣᠯᠴᠠᠵᠠᠢ᠃                  ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ          
 
ᠢᠷᠡᠯᠲᠡ᠄ ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号