ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠪᠠᠶᠢᠩᠭᠤ ᠶᠢᠨ ᠴᠢᠨᠠᠷᠲᠠᠶ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠬᠦᠯᠳᠡᠭᠡᠭᠰᠡᠨ | ᠢᠳᠡᠭᠡᠨ ᠢ ᠭᠠᠳᠠᠭᠠᠳᠤ ᠠᠴᠠ ᠣᠷᠣᠭᠤᠯᠬᠤ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠬᠦᠯᠳᠡᠭᠡᠭᠰᠡᠨ | ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠪᠠᠶᠢᠭ᠎ᠠ ᠶᠢ ᠱᠠᠭᠠᠷᠳᠠᠯᠭ᠎ᠠ ᠶᠤᠰᠤᠭᠠᠷ ᠴᠠᠭ ᠲᠤᠬᠠᠶ ᠳᠤᠨᠢ | ᠪᠦᠷᠢᠳᠬᠡᠨ᠂ ᠴᠢᠭ ᠲᠣᠭᠲᠠᠭᠠᠨ ᠬᠠᠮᠢᠶᠠᠷᠴᠤ᠂ ᠨᠢᠭᠡᠳᠦᠯᠲᠡᠶ ᠪᠠᠶᠢᠴᠠᠭᠠᠨ ᠰᠢᠯᠭᠠᠵᠤ᠂ ᠭᠠᠳᠠᠭᠠᠳᠤ ᠠᠴᠠ | ᠣᠷᠣᠭᠤᠯᠬᠤ ᠦᠢᠯᠡᠳᠬᠦᠨ ᠳᠤ ︽ᠨᠢᠭᠡ ᠬᠡᠯᠬᠢᠶ᠎ᠡ᠂ ᠭᠤᠷᠪᠠᠨ ᠲᠤᠰᠬᠠᠶ᠂ ᠳᠥᠷᠪᠡᠨ ᠦᠨᠡᠮᠯᠡᠯ︾ ᠲᠠᠢ ᠪᠠᠶᠢᠬᠤ᠂ | ᠲᠤᠬᠠᠶᠢᠯᠠᠪᠠᠯ᠂ ᠬᠦᠢᠲᠡᠨ ᠢᠳᠡᠭᠡᠨ ᠤ ᠬᠡᠯᠬᠢᠶ᠎ᠡ᠂ ᠲᠥᠪᠯᠡᠷᠡᠭᠦᠯᠦᠨ ᠬᠢᠨᠠᠨ ᠬᠠᠮᠢᠶᠠᠷᠬᠤ ᠲᠤᠰᠬᠠᠶ ᠬᠥᠮᠥᠷᠭᠡ᠂ | ᠳᠡᠯᠭᠡᠭᠦᠷ ᠤᠨ ᠳᠣᠲᠣᠭᠠᠳᠤ ᠶᠢᠨ ᠪᠣᠷᠣᠯᠠᠭᠤᠯᠭ᠎ᠠ ᠶᠢᠨ ᠲᠤᠰᠬᠠᠶ ᠯᠠᠩᠭᠦᠶ᠂ ᠳᠡᠯᠭᠡᠭᠦᠷ ᠤᠨ ᠳᠣᠲᠣᠭᠠᠳᠤ ᠶᠢᠨ ᠲᠤᠰᠬᠠᠶ | ᠬᠥᠮᠦᠨ ᠲᠠᠢ ᠪᠠᠶᠢᠬᠤ ᠪᠠ ᠬᠤᠳᠠᠯᠳᠤᠨ ᠠᠪᠤᠭᠰᠠᠨ ᠭᠡᠷᠡᠴᠢ ᠪᠠᠷᠢᠮᠲᠠ᠂ ᠭᠠᠳᠠᠭᠠᠳᠤ ᠠᠴᠠ ᠣᠷᠣᠭᠤᠯᠤᠭᠰᠠᠨ | ᠬᠦᠢᠲᠡᠨ ᠬᠡᠯᠬᠢᠶ᠎ᠡ ᠶᠢᠨ ᠢᠳᠡᠭᠡᠨ ᠤ ᠬᠢᠯᠢ ᠪᠠᠷ ᠣᠷᠣᠵᠤ ᠢᠷᠡᠬᠦ ᠳᠤ ᠬᠢᠵᠢᠭ ᠪᠠᠶᠢᠴᠠᠭᠠᠭᠰᠠᠨ ᠭᠡᠷᠡᠴᠢ᠂ ᠪᠥᠭᠡᠮ | ᠬᠦᠴᠢᠯ ᠤᠨ ᠪᠠᠶᠢᠴᠠᠭᠠᠨ ᠰᠢᠯᠭᠠᠭᠰᠠᠨ ᠮᠡᠳᠡᠭᠦᠯᠦᠯᠲᠡ᠂ ᠠᠷᠢᠭᠤᠳᠬᠠᠭᠰᠠᠨ ᠭᠡᠷᠡᠴᠢ ᠲᠡᠮᠳᠡᠭ ᠵᠡᠷᠭᠡ ᠶᠢ | ᠪᠦᠷᠢᠯᠳᠦᠬᠦᠯᠪᠡᠯ ᠰᠠᠶ᠋ᠢ ᠪᠣᠷᠣᠯᠠᠭᠤᠯᠵᠤ ᠪᠣᠯᠤᠨ᠎ᠠ᠃ | 8 ᠰᠠᠷ᠎ᠠ ᠶᠢᠨ 3 ᠤ ᠡᠳᠦᠷ ᠠᠴᠠ ᠣᠲᠣ ᠪᠣᠯᠲᠠᠯ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ | ᠵᠦᠢᠯ ᠤᠨ 28 ᠡᠷᠦᠬᠡ ᠶᠢᠨ 29 ᠪᠦᠯᠦᠭ ᠤᠳᠠᠭ᠎ᠠ ᠶᠢᠨ ᠮᠡᠳᠡᠭᠦᠯᠦᠯᠲᠡ ᠶᠢ ᠭᠥᠯᠢᠶᠡᠨ ᠠᠪᠴᠠᠶ᠃ ᠡᠭᠦᠨ ᠳᠤ᠂ | 22 ᠡᠷᠦᠬᠡ ᠶᠢᠨ 22 ᠪᠦᠯᠦᠭ ᠤᠳᠠᠭ᠎ᠠ ᠶᠢᠨ ᠪᠠᠶᠢᠴᠠᠭᠠᠨ ᠰᠢᠯᠭᠠᠯᠲᠠ ᠶᠢ ᠪᠡᠶᠡᠯᠡᠬᠦᠯᠵᠦ ᠬᠥᠮᠥᠷᠭᠡ ᠳᠤ | ᠤᠷᠤᠭᠤᠯᠤᠭᠰᠠᠨ ᠪᠠᠶᠢᠨ᠎ᠠ᠃ | | ᠬᠠᠮ ᠵᠠᠭᠤᠴᠢᠯᠠᠭᠤᠷ ᠤᠨ ᠲᠦᠪ ᠤᠨ ᠮᠤᠩᠭᠤᠯ | ᠨᠠᠶᠢᠷᠠᠭᠤᠯᠬᠤ ᠬᠡᠯᠳᠡᠰ | |