ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠮᠠᠨ ᠤ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠳᠤ ᠪᠠᠶᠢᠴᠠᠭᠠᠨ ᠰᠣᠳᠣᠯᠣᠯᠳᠠ ᠬᠢᠭᠰᠡᠨ
ᠨᠡᠶᠢᠲᠡᠯᠡᠭᠰᠡᠨ ᠴᠠᠭ᠄
2021/8/19
     

     8 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠷᠧᠨ ᠰᠢ ᠮᠠᠨ ᠤ

ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠷᠧᠨ ᠰᠢ ᠤᠷᠢᠳ

ᠬᠤᠵᠢᠳ ᠬᠤᠰᠢᠭᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠽᠦᠩᠺᠠᠪᠠ ᠤᠨ ᠰᠦᠮ᠎ᠠ ᠵᠡᠷᠭᠡ

ᠭᠠᠵᠠᠷ ᠲᠤ ᠬᠦᠷᠴᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ

ᠵᠢᠴᠢ ᠦᠨᠳᠦᠰᠦᠲᠡᠨ ᠱᠠᠰᠢᠨ ᠰᠤᠷᠲᠠᠬᠤᠨ᠂ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠪᠠᠶᠢᠴᠠᠭᠠᠨ

ᠰᠤᠳᠤᠯᠤᠯᠲᠠ ᠬᠢᠵᠡᠢ᠃

      ᠶᠠᠷᠢᠯᠴᠠᠬᠤ ᠬᠤᠷᠠᠯ ᠳᠡᠭᠡᠷ᠎ᠡ᠂ ᠪᠥᠬᠦ ᠬᠤᠰᠢᠭᠤᠨ ᠤ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠠᠵᠢᠯ ᠢ

ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠤ ᠳᠠᠷᠠᠭ᠎ᠠ᠂ ᠷᠧᠨ ᠰᠢ ᠵᠢᠭᠠᠵᠤ ᠭᠠᠷᠭᠠᠭᠰᠠᠨ ᠨᠢ᠂ ᠪᠥᠬᠦ

ᠬᠤᠰᠢᠭᠤᠨ ᠤ ᠨᠢᠭᠡᠳᠦᠮᠡᠯ ᠹᠷᠣᠨᠲ ᠨᠢ ᠭᠤᠤᠯ ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ  ᠦᠢᠯᠡᠴᠢᠯᠡᠬᠦ ᠦᠷ᠎ᠡ

ᠪᠦᠲᠦᠮᠵᠢ ᠢᠯᠡᠳᠲᠡ ᠪᠠᠶᠢᠵᠤ᠂ ᠡᠯ᠎ᠡ ᠵᠦᠶ᠋ᠯ ᠤᠨ ᠨᠢᠭᠡᠳᠦᠮᠡᠯ ᠹᠷᠣᠨᠲ ᠤᠨ ᠠᠵᠢᠯ ᠨᠠᠷᠢᠯᠢᠭ ᠪᠠᠲᠤᠲᠠᠶ ᠶᠠᠪᠤᠭᠳᠠᠵᠤ᠂

ᠬᠢᠯᠠᠰ ᠴᠡᠭ ᠵᠠᠯᠭᠠᠭ᠎ᠠ ᠪᠠᠷ ᠢᠯᠡᠷᠡᠪᠡ ᠭᠡᠵᠠᠢ᠃

      ᠷᠧᠨ ᠰᠢ ᠴᠢᠬᠤᠯᠠᠴᠢᠯᠠᠬᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠱᠠᠰᠢᠨ

ᠰᠤᠷᠲᠠᠬᠤᠨ ᠤ ᠠᠵᠢᠯ᠂ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ

ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠶᠢᠭᠡᠮ

ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠪᠦᠬᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ

ᠲᠦᠮᠡᠨ ᠢ ᠬᠥᠮᠦᠵᠢᠭᠦᠯᠦᠨ ᠳᠠᠭᠠᠭᠤᠯᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠪᠣᠶ ᠪᠣᠯᠭᠠᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ

ᠤᠳᠤᠷᠢᠳᠤᠨ ︽ᠭᠤᠷᠪᠠᠨ ᠰᠠᠯᠵᠤ ᠪᠣᠯᠤᠰᠢ ᠥᠬᠡᠶ︾᠂ ︽ᠲᠠᠪᠤᠨ ᠬᠠᠮᠲᠤ ᠶᠢᠨ ᠲᠠᠨᠢᠯᠲᠠ︾ ᠶᠢᠨ

ᠱᠠᠭᠠᠷᠳᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠢᠯᠠᠩᠭᠤᠶ᠎ᠠ ᠣᠳᠣᠬᠠᠨ ᠤ ᠠᠵᠢᠯ ᠤᠨ ᠪᠣᠳᠠᠲᠤ

ᠪᠠᠶᠢᠳᠠᠯ ᠲᠠᠢ ᠪᠠᠨ ᠤᠶᠠᠯᠳᠤᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠪᠠ

ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠠᠶᠢᠳᠠᠪᠤᠷᠢᠵᠢᠭᠤᠯᠬᠤ ᠠᠵᠢᠯ ᠤᠨ ᠡᠭᠦᠷᠭᠡ ᠶᠢ

ᠰᠠᠶᠢᠲᠤᠷ ᠠᠳᠬᠤᠬᠤ ᠬᠡᠷᠡᠭᠲᠡᠶ︔ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠳᠡᠭᠡᠳᠦ  ᠬᠡᠮᠵᠢᠶ᠎ᠡ ᠪᠠᠷ

ᠴᠢᠬᠤᠯᠠᠴᠢᠯᠠᠵᠤ᠂ ᠢᠯᠠᠩᠭᠤᠶ᠎ᠠ ᠨᠠᠮ ᠤᠨ ᠦᠨᠳᠦᠰᠦᠲᠡᠨ ᠪᠠ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ

ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ

ᠪᠠᠷᠢᠮᠲᠠᠯᠠᠬᠤ ᠬᠡᠷᠡᠭᠲᠡᠢ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ

ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂

ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠡᠭᠦᠳᠦᠨ ᠪᠠᠶᠢᠭᠤᠯᠬᠤ ᠲᠦᠪᠰᠢᠨ ᠢ ᠦᠨᠡᠨ ᠬᠦ

ᠳᠡᠭᠡᠭᠰᠢᠯᠡᠭᠦᠯᠬᠦ ᠬᠡᠷᠡᠭᠲᠡᠶ︔ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ᠂ ᠨᠡᠶᠢᠲᠡ ᠶᠢᠨ ᠥᠮᠴᠢᠯᠡᠯ ᠤᠨ ᠪᠤᠰᠤ

ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠨᠠᠭᠰᠢᠳᠠ ᠰᠠᠶᠢᠲᠤᠷ

ᠬᠢᠵᠦ᠂ ᠪᠦᠬᠦ ᠬᠤᠰᠢᠭᠤᠨ ᠤ ᠡᠯ᠎ᠡ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠲᠠᠢ ᠨᠢᠭᠲᠠ

ᠪᠦᠯᠬᠦᠮᠳᠡᠵᠦ᠂ ᠡᠯ᠎ᠡ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠪᠦᠬᠦ ᠬᠤᠰᠢᠭᠤᠨ ᠤ ᠠᠵᠤ ᠠᠬᠤᠢ

ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤᠮᠳᠠᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃

ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢᠭᠡᠳᠦᠮᠡᠯ ᠹᠷᠣᠨᠲ ᠤᠨ ᠥᠪᠡᠷᠮᠢᠴᠡ

ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ

ᠡᠯ᠎ᠡ ᠠᠵᠢᠯ ᠢᠶᠠᠨ ᠪᠣᠳᠠᠲᠠᠶ ᠳᠤ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠬᠤᠭᠤᠴᠠᠭᠠᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢᠨ ᠤᠷᠤᠭᠰᠢᠲᠠᠶ ᠶᠠᠪᠤᠭᠳᠠᠬᠤ ᠳᠤ ᠪᠠᠲᠤᠯᠠᠭ᠎ᠠ ᠬᠠᠩᠭᠠᠬᠤ

ᠬᠡᠷᠡᠭᠲᠡᠶ᠃

       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ

ᠳᠠᠷᠤᠭ᠎ᠠ ᠬᠡᠰᠢᠭᠪᠡᠲᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ

ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠶᠠᠨ ᠪᠥᠸᠧ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠳᠤ

ᠣᠷᠣᠯᠴᠠᠵᠠᠢ᠃

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号