ᠴᠠᠭᠠᠨᠬᠠᠳᠠ ᠰᠤᠮᠤ ᠶᠢᠨ ᠸᠠᠺᠽᠢᠨ ᠤ ᠲᠠᠷᠢᠯᠭ᠎ᠠ ᠶᠢᠨ ᠠᠵᠢᠯ ᠡᠷᠴᠢᠮᠲᠡᠢ ᠶᠠᠪᠤᠭᠳᠠᠵᠤ ᠪᠠᠶᠢᠬᠤ
ᠨᠡᠶᠢᠲᠡᠯᠡᠭᠰᠡᠨ ᠴᠠᠭ᠄
2021/8/20
      ᠰᠤᠷᠪᠤᠯᠵᠢᠯᠠᠭᠴᠢ ᠰᠤᠷᠪᠤᠯᠵᠢᠯᠠᠬᠤ ᠪᠠᠷ ᠬᠦᠷᠬᠦ ᠳᠤ ᠴᠠᠭᠠᠬᠠᠳᠠ ᠰᠤᠮᠤ ᠶᠢᠨ ᠭᠤᠤᠯ ᠡᠷᠡᠭᠦᠯ ᠬᠠᠮᠠᠭᠠᠯᠠᠯ  ᠤᠨ ᠬᠤᠷᠢᠶᠠᠨ ᠳᠤ ᠶᠠᠭ ᠸᠠᠺᠽᠢᠨ ᠤ ᠲᠠᠷᠢᠯᠭ᠎ᠠ ᠶᠢᠨ ᠠᠵᠢᠯ ᠶᠠᠪᠤᠭᠳᠠᠵᠤ ᠪᠠᠶᠢᠯ᠎ᠠ᠃ ᠲᠠᠷᠢᠯᠭ᠎ᠠ ᠶᠢᠨ ᠭᠠᠵᠠᠷ ᠤᠨ ᠡᠭᠦᠳᠡᠨ ᠳᠤ ᠲᠤᠰᠬᠠᠢ ᠲᠤᠬᠢᠷᠠᠭᠤᠯᠤᠭᠰᠠᠨ ᠡᠮᠴᠢ ᠠᠴᠠ ᠲᠠᠷᠢᠯᠭ᠎ᠠ ᠲᠠᠷᠢᠭᠤᠯᠬᠤ ᠪᠠᠷ ᠢᠷᠡᠭᠰᠡᠨ ᠬᠦᠮᠦᠰ ᠤᠨ ᠪᠡᠶ᠎ᠡ  ᠶᠢᠨ ᠪᠠᠶᠢᠳᠠᠯ ᠢ ᠠᠰᠠᠭᠤᠨ ᠯᠠᠪᠯᠠᠵᠤ᠂ ᠴᠢᠰᠤᠨ ᠲᠠᠷᠤᠯᠲᠠ ᠵᠡᠷᠭᠡ ᠶᠢ ᠨᠢ ᠬᠡᠮᠵᠢᠵᠦ ᠦᠭᠬᠦ ᠶᠢᠨ ᠵᠡᠷᠭᠡᠴᠡᠭᠡ ᠸᠠᠺᠽᠢᠨ  ᠤ ᠲᠠᠷᠢᠯᠭ᠎ᠠ ᠶᠢᠨ ᠲᠤᠬᠠᠢ ᠬᠠᠮᠢᠶ᠎ᠠ ᠪᠦᠬᠦᠢ ᠮᠡᠳᠡᠯᠭᠡ ᠶᠢ ᠲᠠᠮᠵᠢᠭᠤᠯᠵᠤ ᠪᠠᠶᠢᠪᠠ᠃        ᠡᠷᠳᠡᠨᠢᠪᠢᠯᠢᠭ ᠪᠤᠯ ᠴᠠᠭᠠᠨᠬᠠᠳᠠ ᠰᠤᠮᠤ ᠶᠢᠨ ᠤᠩᠭᠤᠴᠠ ᠭᠠᠴᠠᠭᠠᠨ ᠤ ᠮᠠᠯᠴᠢᠨ ᠪᠤᠯᠤᠨ᠎ᠠ᠂ ᠲᠡᠷᠡ ᠭᠡᠷᠭᠡᠢ ᠡᠷᠳᠡᠨᠢᠬᠤᠸᠠᠷ ᠲᠠᠢ ᠪᠠᠨ ᠬᠤᠶᠠᠭᠤᠯᠠ ᠴᠢᠰᠤᠨ ᠲᠠᠷᠤᠯᠲᠠ ᠦᠨᠳᠦᠷ ᠲᠤᠯᠠ ᠡᠮᠦᠨ᠎ᠡ ᠬᠡᠰᠡᠭ ᠬᠤᠭᠤᠴᠠᠭᠠᠨ ᠳᠤ ᠡᠮᠴᠢ ᠶᠢᠨ ᠵᠦᠪᠯᠡᠯᠬᠡ ᠪᠠᠷ ᠭᠡᠷ ᠲᠤ ᠪᠠᠨ ᠰᠠᠭᠤᠨ ᠰᠤᠪᠢᠯᠠᠵᠤ᠂ ᠴᠢᠰᠤᠨ ᠲᠠᠷᠤᠯᠲᠠ ᠶᠢᠨ ᠡᠮ ᠤᠤᠭᠤᠨ ᠲᠤᠬᠢᠷᠠᠭᠤᠯᠤᠭᠰᠠᠨ ᠢᠶᠠᠷ ᠤᠳᠤ ᠸᠠᠺᠽᠢᠨ ᠤ ᠲᠠᠷᠢᠯᠭ᠎ᠠ ᠲᠠᠷᠢᠬᠤ ᠨᠦᠬᠦᠴᠡᠯ ᠢ ᠪᠦᠷᠢᠯᠳᠦᠭᠦᠯᠦᠭᠰᠡᠨ ᠪᠠᠶᠢᠯ᠎ᠠ᠃        ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠲᠠᠷᠢᠯᠭ᠎ᠠ ᠶᠢᠨ ᠠᠵᠢᠯ ᠡᠬᠢᠯᠡᠭᠰᠡᠨ ᠠᠴᠠ ᠨᠠᠭᠠᠰᠢ ᠴᠠᠭᠠᠨᠬᠠᠳᠠ ᠰᠤᠮᠤ ᠨᠢ ᠲᠡᠭᠡᠳᠦ ᠱᠠᠲᠤᠨ ᠤ ᠠᠵᠢᠯ ᠤᠨ ᠲᠤᠬᠢᠷᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠸᠠᠺᠽᠢᠨ ᠤ ᠲᠠᠷᠢᠯᠭ᠎ᠠ ᠶᠢᠨ ᠨᠦᠬᠦᠴᠡᠯ ᠳᠤ ᠲᠤᠬᠢᠷᠠᠭᠰᠠᠨ ᠪᠦᠬᠦ ᠬᠦᠮᠦᠰ  ᠲᠤ ᠲᠠᠷᠢᠯᠭ᠎ᠠ ᠬᠢᠬᠦ ᠪᠠᠷ ᠴᠢᠷᠮᠠᠶᠢᠨ ᠠᠵᠢᠯᠯᠠᠵᠤ ᠪᠤᠢ᠃
 
ᠢᠷᠡᠯᠲᠡ᠄ ᠪᠠᠭᠠᠷᠢᠨ ᠵᠡᠭᠦᠨ ᠬᠣᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号