ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ 21  ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2021/8/20
       ᠤᠶᠢᠷ᠎ᠠ ᠶᠢᠨ ᠡᠳᠦᠷ᠂  ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ 21  ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠷᠧᠨ ᠰᠢ᠂ ᠴᠢᠨ ᠬᠤᠸᠠᠢ ᠳ᠋ᠦᠩ᠂ ᠱᠧᠨ ᡁᠢ ᠴᠢᠶᠠᠩ ᠰᠤᠷᠤᠯᠴᠠᠯᠭ᠎ᠠ ᠳᠤ ᠣᠷᠣᠯᠴᠠᠵᠠᠶ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦ᠋ ᠳ᠋ᠦᠩ ᠶᠢᠩ ᠬᠤᠷᠠᠯ ᠢ ᠡᠷᠭᠢᠯᠡᠪᠡ᠃        ᠬᠤᠷᠠᠯ ᠳᠡᠭᠡᠷ᠎ᠡ᠂ ᠬᠠᠨ ᠶᠢᠩ᠂ ᠯᠢ ᠽᠦᠩ ᠮᠢᠩ᠂ ᠰᠦ᠋ ᠳ᠋ᠦᠩ ᠶᠢᠩ ᠲᠤᠰᠪᠤᠷᠢ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠦᠭᠦᠯᠡᠮᠵᠢ᠂ ︽ᠠᠯᠪᠠᠳᠠᠨ ᠤ ᠬᠠᠤᠯᠢ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠲᠦᠷᠢᠮ︾᠂ ︽ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠵᠡᠷᠭᠡ ᠠᠭᠤᠯᠭ᠎ᠠ ᠶᠢ ᠲᠠᠭᠠᠭᠤᠯᠤᠨ ᠰᠤᠷᠤᠯᠴᠠᠵᠠᠢ᠃        ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠦᠪᠡᠷ ᠤᠨ ᠰᠤᠷᠤᠯᠴᠠᠯᠭ᠎ᠠ ᠦᠷᠨᠢᠭᠦᠯᠦᠭᠰᠡᠨ ᠪᠠᠶᠢᠨ᠎ᠠ᠃                                                                   ᠬᠠᠮ ᠵᠠᠭᠤᠴᠢᠯᠠᠭᠤᠷ ᠤᠨ ᠲᠦᠪ ᠤᠨ ᠮᠤᠩᠭᠤᠯ                                               ᠨᠠᠶᠢᠷᠠᠭᠤᠯᠬᠤ ᠬᠡᠯᠳᠡᠰ
 
ᠢᠷᠡᠯᠲᠡ᠄ ᠪᠠᠭᠠᠷᠢᠨ ᠵᠡᠭᠦᠨ ᠬᠣᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号