ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ  ᠰᠣᠳᠣᠯᠣᠬᠰᠡᠨ
ᠨᠡᠶᠢᠲᠡᠯᠡᠭᠰᠡᠨ ᠴᠠᠭ᠄
2021/8/20
   

    8 ᠰᠠᠷ᠎ᠠ ᠶᠢᠨ 12 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠮᠠᠨ ᠤ ᠬᠤᠰᠢᠭᠤᠨ ᠤ

ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠤᠰᠢᠭᠤᠨ ᠤ

ᠤᠳᠤᠷᠢᠳᠤᠯᠭ᠎ᠠ ᠸᠠᠩ ᠶᠠᠨ ᠪᠥᠸᠧ᠂ ᠳ᠋ᠤᠸᠠᠨ ᡁᠢ ᠭᠦᠸᠧ ᠪᠠᠷ᠎ᠠ ᠪᠤᠯᠵᠠᠢ᠃

     ᠷᠧᠨ ᠰᠢ ᠵᠡᠷᠭᠡ ᠬᠦᠮᠦᠰ ᠤᠷᠢᠳ ᠬᠤᠵᠢᠳ ᠯᠢᠶᠣᠤ ᠶᠢᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ

ᠰᠤᠳᠤᠯᠤᠯ ᠤᠨ ᠪᠠᠭᠤᠷᠢ ᠶᠢᠨ ᠴᠡᠴᠡᠷᠯᠢᠭ᠂ ᠯᠢᠶᠣᠤ   ᠶᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠡᠮᠣᠨ᠎ᠡ

ᠰᠣᠪᠣᠷᠭ᠎ᠠ᠂ ᠵᠣᠣ ᠶᠢᠨ ᠰᠦᠮ᠎ᠡ ᠶᠢᠨ ᠭᠤᠤᠯ ᠦᠵᠡᠮᠵᠢ ᠶᠢᠨ ᠣᠷᠣᠨ᠂  ᠳᠣᠯᠣᠭᠠᠨ ᠲᠣᠭᠤᠭᠠᠲᠦ ᠠᠭᠤᠯᠠ ᠶᠢᠨ

ᠤᠯᠤᠰ ᠤᠨ ᠭᠠᠵᠠᠷ ᠵᠦᠢ ᠶᠢᠨ ᠴᠡᠴᠡᠷᠯᠢᠭ᠂ ᠯᠢᠶᠣᠤ ᠶᠢᠨ ᠳᠡᠭᠡᠳᠦᠰ ᠤᠨ ᠣᠩᠭᠤᠨ ᠵᠡᠷᠭᠡ ᠭᠠᠵᠠᠷ ᠤᠳ ᠢᠶᠠᠷ

ᠬᠦᠷᠴᠦ᠂ ᠮᠠᠨ ᠤ ᠬᠤᠰᠢᠭᠤᠨ ᠤ ᠯᠢᠶᠣᠤ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢ  

ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠤᠨ ᠦᠢᠯᠡᠴᠢᠯᠡᠭᠡ

ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠱᠠᠭᠠᠷᠳᠠᠯᠭ᠎ᠠ

ᠲᠤᠷᠠᠳᠴᠠᠢ᠃

      ᠷᠧᠨ ᠰᠢ ᠵᠢᠭᠠᠵᠣ ᠭᠠᠷᠭᠠᠬᠰᠡᠨ ᠨᠢ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ

ᠪᠠᠶᠢᠷᠢᠰᠢᠭᠤᠯᠤᠯᠲᠠ ᠶᠢ ᠰᠠᠶᠢᠲᠤᠷ ᠬᠢᠵᠦ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ

ᠤᠨᠤᠪᠴᠢᠲᠠᠢ ᠡᠵᠡᠮᠳᠡᠨ᠂ ᠲᠥᠷᠥᠯ ᠵᠦᠢᠯ ᠢ ᠰᠠᠶᠢᠲᠤᠷ ᠲᠥᠯᠥᠪᠵᠢᠭᠦᠯᠵᠦ᠂ ᠬᠢᠳᠠᠨ ᠯᠢᠶᠣᠤ ᠶᠢᠨ ᠰᠣᠶᠣᠯ ᠤᠨ

ᠡᠬᠢ ᠪᠠᠶᠠᠯᠢᠭ ᠲᠠᠢ ᠤᠶᠠᠯᠳᠤᠭᠤᠯᠤᠨ ᠠᠯᠢ ᠣᠯᠠᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠡᠭᠦᠳᠴᠦ᠂

ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ

ᠤᠷᠲᠤᠳᠬᠠᠬᠤ ᠬᠡᠷᠡᠭᠲᠡᠶ᠃ ᠬᠠᠮᠠᠭᠠᠯᠠᠵᠤ ᠰᠡᠷᠭᠦᠭᠡᠬᠦ ᠲᠥᠰᠦᠯ ᠢ ᠲᠡᠭᠦᠯᠳᠡᠷᠵᠢᠭᠦᠯᠦᠨ ᠨᠠᠷᠢᠯᠢᠬᠵᠢᠭᠤᠯᠵᠤ᠂

ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠰᠡᠯᠪᠢᠨ ᠵᠠᠰᠠᠬᠤ᠂ ᠣᠷᠴᠢᠨ ᠲᠣᠭᠤᠷᠢᠨ ᠢ ᠵᠠᠰᠠᠬᠤ ᠵᠡᠷᠭᠡ

ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠰᠡᠨ ᠪᠠᠶᠢᠨ᠎ᠠ᠃

       ᠷᠧᠨ ᠰᠢ ᠴᠢᠬᠤᠯᠠᠴᠢᠯᠠᠬᠰᠡᠨ ᠨᠢ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ  

ᠦᠢᠯᠡᠰ ᠤᠨ ᠬᠥᠭᠵᠢᠯᠲᠡ ᠨᠢ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠬᠦᠭᠵᠢᠬᠦ︾ ᠪᠠᠷ

ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂

ᠨᠡᠷᠡᠲᠦ ᠵᠢᠭᠤᠯᠴᠢᠯᠠᠯ ᠤᠨ ᠣᠷᠣᠨ ᠢ ᠪᠠᠶᠢᠭᠤᠯᠬᠤ ᠬᠡᠷᠡᠭᠲᠡᠶ᠃ ᠦᠵᠡᠮᠵᠢ ᠶᠢᠨ ᠣᠷᠣᠨ ᠤ ᠵᠢᠷᠤᠭ

ᠲᠦᠯᠦᠪᠵᠢᠬᠦᠯᠬᠡ ᠶᠢ ᠰᠠᠶᠢᠲᠤᠷ ᠠᠳᠬᠤᠵᠤ᠂ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠂ ᠰᠠᠭᠤᠷᠢ

ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠦᠵᠡᠮᠵᠢ ᠶᠢᠨ ᠣᠷᠣᠨ ᠤ ᠴᠢᠨᠠᠷ

ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠣᠷᠣᠨ ᠪᠦᠰᠡ ᠶᠢᠨ ᠬᠤᠯᠪᠣᠭᠠᠯᠠᠨ

ᠬᠥᠳᠡᠯᠦᠯᠴᠡᠬᠦ ᠶᠢ ᠴᠢᠩᠭᠠᠳᠬᠠᠵᠤ᠂ ᠡᠷᠬᠢᠨ ᠲᠣᠭᠤᠷᠢᠨ ᠤ ᠬᠤᠰᠢᠭᠤ ᠰᠢᠶᠠᠨ ᠤ ᠰᠣᠶᠣᠯ ᠵᠢᠭᠤᠯᠴᠢᠯᠠᠯ ᠤᠨ ᠠᠵᠤ

ᠦᠢᠯᠡᠰ  ᠲᠠᠢ ᠢᠳᠡᠪᠬᠢᠲᠡᠶ ᠠᠭᠤᠰᠤᠯᠴᠠᠭᠤᠯᠵᠤ᠂ ᠪᠠᠶᠢᠩᠭᠤ ᠶᠢᠨ ᠨᠡᠪᠲᠡᠷᠡᠯᠴᠡᠨ ᠬᠠᠮᠵᠢᠯᠴᠠᠬᠤ ᠲᠣᠭᠲᠠᠴᠠ ᠶᠢ

ᠪᠠᠶᠢᠭᠤᠯᠤᠨ᠂ ᠵᠢᠭᠤᠯᠴᠢᠯᠠᠯ ᠤᠨ ᠵᠠᠮ ᠱᠤᠭᠤᠮ ᠢ ᠨᠢᠭᠡᠳᠦᠯᠲᠡᠶ ᠨᠡᠭᠡᠭᠡᠨ ᠬᠥᠭᠵᠢᠭᠦᠯᠵᠦ᠂ ᠨᠢᠭᠡ

ᠴᠣᠭᠴᠠᠵᠢᠭᠤᠯᠤᠭᠰᠠᠨ ᠪᠥᠲᠥᠭᠡᠨ ᠪᠠᠶᠢᠭᠤᠯᠤᠯᠲᠠ᠂ ᠪᠥᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃

ᠪᠦᠬᠦ ᠬᠤᠰᠢᠭᠤᠨ ᠤ ᠵᠤᠭᠠᠴᠠᠯ ᠤᠨ ᠠᠵᠤ ᠦᠢᠯᠡᠰ ᠤᠨ ᠬᠡᠯᠬᠢᠶ᠎ᠡ ᠶᠢ ᠨᠡᠶᠢᠳᠬᠡᠵᠦ᠂ ᠯᠢᠶᠣᠤ ᠶᠢᠨ ᠰᠣᠶᠣᠯ ᠢ

ᠪᠡᠶᠡᠴᠢᠯᠡᠨ ᠣᠶᠢᠯᠠᠭᠠᠬᠤ ᠵᠤᠭᠠᠴᠠᠯ ᠢᠶᠠᠷ ᠭᠤᠣᠯ ᠱᠤᠭᠤᠮ ᠪᠤᠯᠭᠠᠨ᠂ ᠭᠤᠣᠯ ᠦᠵᠡᠮᠵᠢ ᠶᠢᠨ ᠣᠷᠣᠨ ᠢᠶᠠᠷ ᠰᠠᠭᠤᠷᠢ

ᠪᠣᠯᠭᠠᠵᠤ᠂ ᠵᠤᠭᠠᠴᠠᠯ ᠤᠨ ᠵᠠᠮ ᠱᠤᠭᠤᠮ ᠢ ᠪᠦᠬᠦ ᠬᠦᠴᠦᠨ ᠢᠶᠠᠷ ᠢᠶᠠᠨ ᠴᠤᠭᠴᠠᠯᠠᠨ᠂ ᠮᠠᠨ ᠤ ᠬᠤᠰᠢᠭᠤᠨ ᠤ

ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ

ᠭᠡᠵᠠᠢ᠃

                         ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ

 
ᠢᠷᠡᠯᠲᠡ᠄ ᠪᠠᠭᠠᠷᠢᠨ ᠵᠡᠭᠦᠨ ᠬᠤᠰᠢᠭᠤᠨ ᠤᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号