ᠤᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠴᠢᠨ | ᠬᠤᠸᠠᠢ ᠳ᠋ᠦᠩ ᠮᠠᠨ ᠤ ᠬᠤᠰᠢᠭᠤᠨ ᠤ ᠸᠠᠺᠼᠢᠨ ᠤ ᠲᠠᠷᠢᠯᠭ᠎ᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ | ᠬᠤᠰᠢᠭᠤᠨ ᠤ ᠤᠳᠤᠷᠢᠳᠤᠯᠭ᠎ᠠ ᠬᠠᠨ ᠶᠢᠩ᠂ ᠰᠦᠨ ᠶᠠᠨ ᠵᠢᠶᠧ᠂ ᠵᠣᠣ ᠡᠾᠦᠩ ᠲᠤ᠂ ᠵᠠᠩ ᠶᠠᠨ᠂ ᠵᠠᠩ ᠶᠢᠩ | ᠵᠢᠶᠧ᠂ ᠯᠢ ᠵᠤᠤ ᠡᠾᠦ᠋ᠢ ᠪᠠᠷ᠎ᠠ ᠪᠣᠯᠵᠣ ᠪᠠᠶᠢᠴᠠᠭᠠᠨ ᠰᠤᠳᠤᠯᠤᠭᠰᠠᠨ ᠪᠠᠶᠢᠨ᠎ᠠ᠃ | ᠴᠢᠨ ᠬᠤᠸᠠᠢ ᠳ᠋ᠦᠩ ᠵᠡᠷᠭᠡ ᠬᠦᠮᠦᠰ ᠤᠷᠢᠳ ᠬᠤᠵᠢᠳ ᠪᠠᠷᠠᠭᠤᠨ ᠬᠤᠲᠠ ᠵᠡᠭᠡᠯᠢ ᠭᠤᠳᠤᠮᠵᠢ ᠶᠢᠨ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ᠂ ᠵᠡᠬᠦᠨ ᠬᠤᠲᠠ ᠵᠡᠭᠡᠯᠢ ᠭᠤᠳᠤᠮᠵᠢ ᠶᠢᠨ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ ᠲᠤ ᠬᠦᠷᠴᠦ ᠪᠠᠶᠢᠴᠠᠭᠠᠨ ᠰᠤᠳᠤᠯᠤᠯᠲᠠ | ᠬᠢᠵᠦ᠂ ᠬᠦᠷᠦᠭᠰᠡᠨ ᠭᠠᠵᠠᠷ ᠪᠣᠯᠭᠠᠨ ᠳᠤ ᠪᠠᠨ ᠴᠥᠮ ᠸᠠᠺᠼᠢᠨ ᠤ ᠲᠠᠷᠢᠯᠭ᠎ᠠ ᠶᠢᠨ ᠴᠡᠭ ᠤᠨ ᠲᠠᠷᠢᠯᠭ᠎ᠠ ᠶᠢᠨ ᠲᠤᠭ᠎ᠠ | ᠬᠡᠮᠵᠢᠶ᠎ᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠠᠢ᠃ ᠲᠡᠷᠡ ᠢᠯᠡᠷᠬᠡᠶᠢᠯᠡᠬᠦ ᠳᠡᠭᠡᠨ᠂ ᠵᠡᠭᠡᠯᠢ | ᠭᠤᠳᠤᠮᠵᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠢᠨ ᠸᠠᠺᠼᠢᠨ ᠤ | ᠲᠠᠷᠢᠯᠭ᠎ᠠ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ | ᠲᠠᠷᠢᠯᠭ᠎ᠠ ᠶᠢᠨ ᠨᠥᠬᠦᠴᠡᠯ ᠳᠤ ᠨᠡᠶᠢᠴᠡᠭᠰᠡᠨ ᠤᠷᠢᠲᠠᠯ ᠳᠣᠤᠷ᠎ᠠ ᠭᠥᠯᠢᠶᠡᠨ ᠠᠪᠤᠪᠠᠯ ᠵᠣᠬᠢᠬᠤ ᠶᠢ ᠨᠢ ᠴᠥᠮ ᠭᠥᠯᠢᠶᠡᠨ | ᠠᠪᠴᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠬᠡᠷᠡᠭᠲᠡᠶ ᠭᠡᠵᠡᠶ᠃ | ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠪᠠᠭᠠᠷᠢᠨ ᠵᠡᠭᠦᠨ ᠬᠤᠰᠢᠭᠤᠨ ᠤ ᠸᠠᠺᠼᠢᠨ ᠤ | ᠲᠠᠷᠢᠯᠭ᠎ᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠮᠠᠨ ᠤ ᠬᠤᠰᠢᠭᠤᠨ ᠤ ᠸᠠᠺᠼᠢᠨ ᠤ | ᠲᠠᠷᠢᠯᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠪᠡ᠃ | ᠴᠢᠨ ᠬᠤᠸᠠᠢ ᠳ᠋ᠦᠩ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠸᠠᠺᠼᠢᠨ ᠤ ᠲᠠᠷᠢᠯᠭ᠎ᠠ ᠶᠢᠨ ᠠᠵᠢᠯ ᠢ | ᠲᠦᠷᠭᠡᠨ ᠪᠥᠭᠡᠳ ᠪᠦᠲᠦᠮᠵᠢᠲᠡᠶ ᠳᠥᠯᠭᠢᠨ ᠠᠬᠢᠭᠤᠯᠬᠤ ᠪᠣᠯ ᠣᠳᠣᠬᠠᠨ ᠤ ᠴᠢᠬᠤᠯᠠ ᠡᠭᠦᠷᠭᠡ ᠮᠥᠨ᠂ ᠸᠠᠺᠼᠢᠨ ᠤ | ᠲᠠᠷᠢᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠬᠦᠴᠦᠲᠡᠶ ᠪᠥᠭᠡᠳ ᠡᠮᠬᠢ | ᠵᠢᠷᠤᠮ ᠲᠠᠢ ᠠᠷᠭ᠎ᠠ ᠬᠡᠮᠵᠢᠶ᠎ᠡ ᠠᠪᠴᠤ ᠪᠠᠶᠢᠭᠠᠳ 8 ᠰᠠᠷ᠎ᠠ ᠶᠢᠨ 20 ᠤ ᠡᠳᠦᠷ ᠠᠴᠠ ᠡᠮᠦᠨ᠎ᠡ ᠸᠠᠺᠼᠢᠨ ᠤ | ᠲᠠᠷᠢᠯᠭ᠎ᠠ ᠶᠢᠨ ᠠᠵᠢᠯ ᠢ ᠳᠠᠭᠤᠰᠬᠠᠵᠤ᠂ ᠦᠯᠦ ᠬᠠᠯᠳᠠᠭᠠᠬᠤ ᠴᠢᠳᠠᠪᠤᠷᠢ ᠶᠢ ᠲᠡᠭᠡᠭᠰᠢᠯᠡᠭᠦᠯᠬᠦ ᠶᠢ ᠡᠷᠲᠡᠬᠡᠨ | ᠪᠡᠶᠡᠯᠡᠭᠦᠯᠬᠦ ᠬᠡᠷᠡᠭᠲᠡᠶ ᠭᠡᠰᠡᠨ ᠪᠠᠶᠢᠨ᠎ᠠ᠃ | ᠴᠢᠨ ᠬᠤᠸᠠᠢ ᠳ᠋ᠦᠩ ᠴᠢᠬᠤᠯᠠᠴᠢᠯᠠᠭᠰᠠᠨ ᠨᠢ᠂ ᠸᠠᠺᠼᠢᠨ ᠤ ᠲᠠᠷᠢᠯᠭ᠎ᠠ ᠶᠢᠨ ᠪᠠᠴᠢᠮ ᠲᠤᠯᠭᠠᠮ᠎ᠠ ᠴᠢᠨᠠᠷ ᠢ | ᠭᠦᠢᠴᠡᠳ ᠲᠠᠨᠢᠨ᠂ ᠸᠠᠺᠼᠢᠨ ᠤ ᠲᠠᠷᠢᠯᠭ᠎ᠠ ᠶᠢᠨ ᠠᠵᠢᠯ ᠢ ᠨᠢᠭᠡ ᠯᠡ ᠴᠡᠭ ᠢᠶᠠᠷ ᠪᠡᠶᠡᠯᠡᠭᠦᠯᠬᠦ ᠬᠡᠷᠡᠭᠲᠡᠶ︔ ᠡᠷᠡᠭᠦᠯ | ᠬᠠᠮᠠᠭᠠᠯᠠᠯ᠂ ᠡᠷᠡᠭᠦᠯ ᠮᠡᠨᠳᠦ ᠶᠢᠨ ᠵᠦᠪᠯᠡᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳᠰᠤᠮᠤ ᠰᠢᠶᠠᠩ | ᠪᠠᠯᠭᠠᠰᠤ ᠵᠡᠭᠡᠯᠢ ᠭᠤᠳᠤᠮᠵᠢ ᠪᠠᠷ ᠰᠠᠭᠤᠷᠢ ᠲᠤᠭ᠎ᠠ ᠶᠢ ᠲᠤᠳᠤᠷᠬᠠᠢ ᠪᠤᠯᠭᠠᠵᠤ᠂ ᠡᠷᠦᠬᠡ ᠠᠮᠠ ᠶᠢᠨ ᠲᠤᠭ᠎ᠠ ᠪᠠᠷ | ᠰᠠᠭᠤᠷᠢ ᠪᠤᠯᠭᠠᠵᠤ᠂ ᠲᠠᠷᠢᠯᠭ᠎ᠠ ᠲᠠᠷᠢᠭᠠᠳᠤᠢ ᠬᠦᠮᠦᠰ ᠢ ᠲᠤᠳᠤᠷᠬᠠᠶᠢᠯᠠᠨ᠂ ᠲᠠᠷᠢᠯᠭ᠎ᠠ ᠲᠠᠷᠢᠬᠤ ᠶᠤᠰᠤᠳᠠᠢ ᠬᠦᠮᠦᠨ | ᠪᠤᠯᠭᠠᠨ ᠳᠤ ᠲᠠᠷᠢᠯᠭ᠎ᠠ ᠲᠠᠷᠢᠬᠤ ᠶᠢ ᠪᠠᠳᠤᠯᠠᠬᠤ ᠬᠡᠷᠡᠭᠳᠡᠢ︔ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ 8 | ᠰᠠᠷ᠎ᠠ ᠶᠢᠨ 20 ᠤ ᠡᠳᠦᠷ ᠠᠴᠠ ᠡᠮᠦᠨ᠎ᠡ 91.2% ᠤᠨ ᠲᠠᠷᠢᠯᠭ᠎ᠠ ᠶᠢᠨ ᠡᠭᠦᠷᠭᠡ ᠶᠢ ᠪᠡᠶᠡᠯᠡᠭᠦᠯᠵᠦ᠂ 8 | ᠰᠠᠷ᠎ᠠ ᠶᠢᠨ 23 ᠤ ᠡᠳᠦᠷ ᠠᠴᠠ ᠡᠮᠦᠨ᠎ᠡ 92% ᠤᠨ ᠲᠠᠷᠢᠯᠭ᠎ᠠ ᠶᠢᠨ ᠡᠭᠦᠷᠭᠡ ᠶᠢ ᠪᠡᠶᠡᠯᠡᠭᠦᠯᠬᠦ ᠬᠡᠷᠡᠭᠲᠡᠶ︔ | ᠡᠳᠦᠷ ᠲᠤ ᠨᠢ ᠮᠡᠳᠡᠭᠡᠯᠡᠬᠦ ᠲᠦᠷᠢᠮ ᠢ ᠬᠡᠷᠡᠭᠵᠢᠭᠦᠯᠵᠦ᠂ ᠲᠠᠷᠢᠯᠭ᠎ᠠ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠵᠢᠴᠢ | ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠡᠷᠡᠰ ᠤᠨ ᠵᠢᠭᠰᠠᠭᠠᠯᠲᠠ ᠶᠢᠨ ᠪᠠᠶᠢᠳᠠᠯ ᠢ ᠡᠳᠦᠷ ᠪᠦᠷᠢ | ᠮᠡᠳᠡᠭᠡᠯᠡᠬᠦ ᠬᠡᠷᠡᠭᠲᠡᠶ︔ ᠲᠠᠷᠢᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶ ᠪᠣᠯᠭᠠᠵᠤ᠂ ᠸᠠᠺᠼᠢᠨ ᠤ ᠲᠠᠷᠢᠯᠭ᠎ᠠ ᠬᠢᠵᠦ | ᠪᠣᠯᠬᠤ ᠥᠬᠡᠶ ᠬᠥᠮᠦᠰ ᠢ ᠲᠠᠬᠢᠨ ᠰᠢᠭᠰᠢᠨ ᠪᠠᠶᠢᠴᠠᠭᠠᠵᠤ᠂ ᠲᠠᠷᠢᠯᠭ᠎ᠠ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ | ᠬᠡᠷᠡᠭᠵᠢᠭᠦᠯᠬᠦ ᠬᠡᠷᠡᠭᠲᠡᠶ︔ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠣᠯᠠᠨ ᠲᠦᠮᠡᠨ ᠳᠤ | ᠤᠶᠢᠯᠠᠭᠠᠭᠤᠯᠤᠨ ᠮᠡᠳᠡᠭᠦᠯᠬᠦ ᠨᠣᠷᠮ᠎ᠠ ᠶᠢ ᠨᠡᠮᠡᠭᠳᠡᠭᠦᠯᠦᠨ᠂ ᠤᠯᠠᠨ ᠲᠦᠮᠡᠨ ᠤ ᠰᠠᠶᠢᠨ ᠲᠤᠷ᠎ᠠ ᠠᠴᠠ ᠪᠠᠨ ᠲᠠᠷᠢᠯᠭ᠎ᠠ | ᠲᠠᠷᠢᠬᠤ ᠢᠳᠡᠪᠬᠢᠵᠢᠯ ᠢ ᠲᠡᠭᠡᠭᠰᠢᠯᠡᠭᠦᠯᠵᠦ᠂ ᠡᠳᠦᠷ ᠪᠦᠷᠢ ᠶᠢᠨ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠡᠯ᠎ᠡ | ᠭᠠᠵᠠᠷ ᠣᠷᠣᠨ ᠤ ᠸᠠᠺᠼᠢᠨ ᠤ ᠲᠠᠷᠢᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ︔ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠤᠳ ᠵᠡᠭᠦᠨ ᠬᠤᠰᠢᠭᠤᠨ ᠤ ᠬᠠᠷᠢᠶᠠᠲᠤ ᠪᠢᠰᠢ ᠬᠥᠮᠦᠰ ᠤᠨ ᠪᠠᠶᠢᠳᠠᠯ ᠢ ᠲᠣᠳᠣᠷᠬᠠᠶ | ᠣᠶᠢᠯᠠᠭᠠᠵᠤ᠂ ᠲᠣᠭᠲᠠᠭᠰᠠᠨ ᠬᠤᠭᠤᠴᠠᠭ᠎ᠠ ᠲᠠᠢ ᠡᠭᠡᠯᠵᠢ ᠪᠦᠯᠦᠭ ᠬᠤᠪᠢᠶᠠᠨ ᠸᠠᠺᠼᠢᠨ ᠲᠠᠷᠢᠬᠤ ᠶᠢ ᠵᠣᠬᠢᠶᠠᠨ | ᠪᠠᠶᠢᠭᠤᠯᠵᠤ᠂ ᠲᠠᠷᠢᠯᠭ᠎ᠠ ᠶᠢ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠰᠡᠨ ᠪᠠᠶᠢᠨ᠎ᠠ᠃ | | ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ | | |