ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠶ ᠬᠤᠩ ᠪᠥᠸᠧ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/8/24
    8 ᠰᠠᠷ᠎ᠠ ᠶᠢᠨ 19 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠶ ᠬᠤᠩ ᠪᠥᠸᠧ ︽ᠪᠥᠬᠦ ᠬᠤᠲᠠ ᠶᠢᠨ ᠲᠡᠦᠬᠡ ᠰᠣᠶᠣᠯ ᠤᠨ ᠪᠠᠭᠤᠷᠢ ᠶᠢᠨ ᠬᠠᠮᠠᠭᠠᠯᠠᠯᠲᠠ ᠶᠢ ᠴᠢᠩᠭᠠᠳᠬᠠᠬᠤ︾ ᠲᠤᠬᠠᠶ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃  ᠬᠤᠰᠢᠭᠤ ᠤᠳᠤᠷᠢᠳᠤᠯᠭ᠎ᠠ ᠱᠧᠨ ᡁᠢ ᠴᠢᠶᠠᠩ᠂ ᠮᠠ ᠱᠦ᠋ ᠶᠢᠦ᠂ ᠳ᠋ᠤᠸᠠᠨ ᡁᠢ ᠭᠦᠸᠧ᠂ ᠮᠠ ᠰᠢᠶᠤᠤ ᠳ᠋ᠦᠩ ᠪᠠᠷ᠎ᠠ ᠪᠤᠯᠵᠤ ᠪᠠᠶᠢᠴᠠᠭᠠᠨ ᠰᠤᠳᠤᠯᠪᠠ᠃

    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠢᠯᠤᠪᠡᠷ ᠵᠣᠣ ᠰᠦᠮ᠎ᠡ᠂ ᠯᠢᠶᠣᠤ ᠤᠨ ᠳᠡᠭᠡᠳᠦ

ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠯᠢᠶᠣᠤ ᠤᠨ ᠳᠡᠭᠡᠳᠦ

ᠨᠡᠶᠢᠰᠯᠡᠯ ᠤᠨ ᠮᠦᠽᠧᠶ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠨ ᠤ ᠬᠤᠰᠢᠭᠤᠨ ᠤ

ᠲᠡᠦᠬᠡ ᠰᠣᠶᠣᠯ ᠤᠨ ᠪᠠᠭᠤᠷᠢ ᠶᠢ ᠬᠠᠮᠠᠭᠠᠯᠠᠬᠤ ᠠᠵᠢᠯ ᠤᠨ ᠣᠳᠣᠬᠢ ᠪᠠᠶᠢᠳᠠᠯ ᠵᠢᠴᠢ ᠠᠷᠭ᠎ᠠ ᠬᠢᠳᠡᠯ ᠢ ᠨᠠᠷᠢᠨ

ᠣᠶᠢᠯᠠᠭᠠᠪᠠ᠃

     ᠶᠠᠷᠢᠯᠴᠠᠬᠤ ᠬᠤᠷᠠᠯ ᠳᠡᠭᠡᠷ᠎ᠡ ᠪᠠᠢ ᠬᠤᠩ ᠪᠥᠸᠧ᠂ ᠲᠡᠦᠬᠡ ᠰᠣᠶᠣᠯ ᠤᠨ ᠪᠠᠭᠤᠷᠢ ᠪᠣᠯ ᠨᠢᠭᠡ

ᠦᠨᠳᠦᠰᠦᠲᠡᠨ ᠤ ᠤᠶᠤᠨ ᠤᠬᠠᠭᠠᠨ ᠤ ᠤᠬᠢ ᠪᠦᠲᠦᠭᠡᠯ ᠮᠥᠨ᠂ ᠪᠠᠰᠠ ᠴᠤ ᠪᠦᠬᠦ᠋ᠢᠯᠡ ᠳᠤᠮᠳᠠᠳᠤ ᠶᠢᠨ

ᠦᠨᠳᠦᠰᠦᠲᠡᠨ ᠤ ᠰᠣᠶᠣᠯ ᠤᠨ ᠦᠨᠡᠲᠦ ᠡᠷᠳᠡᠨᠢ ᠮᠥᠨ᠃ ᠰᠣᠶᠣᠯ ᠤᠨ ᠬᠠᠭᠤᠴᠢᠳ ᠢ ᠬᠠᠮᠠᠭᠠᠯᠠᠬᠤ ᠠᠵᠢᠯ ᠤᠨ

ᠲᠠᠨᠢᠯᠲᠠ ᠪᠠᠨ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠦᠴᠦᠨ ᠢ ᠰᠠᠶᠢᠲᠤᠷ ᠲᠣᠬᠢᠷᠠᠭᠤᠯᠤᠨ᠂ ᠰᠤᠳᠤᠯᠤᠯ ᠢ

ᠨᠢᠭᠡᠳᠦᠯᠲᠡᠶ᠂ ᠡᠮᠬᠢ ᠵᠢᠷᠤᠮ ᠲᠠᠢ ᠪᠠᠷ ᠥᠷᠨᠢᠭᠦᠯᠬᠦ ᠬᠡᠷᠡᠭᠲᠡᠶ᠃ ᠰᠤᠳᠤᠯᠭᠠᠨ ᠤ ᠡᠭᠦᠷᠭᠡ ᠶᠢ ᠡᠯ᠎ᠡ ᠬᠤᠯᠪᠣᠭᠳᠠᠯ

ᠪᠦᠬᠦᠢ ᠰᠠᠯᠠᠭ᠎ᠠ ᠮᠥᠴᠢᠷ  ᠨᠢᠭᠡᠴᠠ ᠳᠤ ᠲᠦᠷᠦᠯ ᠬᠤᠪᠢᠶᠠᠨ ᠨᠠᠶᠢᠳᠠᠪᠤᠷᠢᠵᠢᠭᠤᠯᠵᠤ᠂ ᠠᠵᠢᠯ ᠢᠶᠠᠨ ᠬᠤᠪᠢᠶᠠᠷᠢᠯᠠᠨ

ᠬᠠᠮᠵᠢᠯᠴᠠᠵᠤ᠂ ᠠᠵᠢᠯ ᠢᠶᠠᠨ ᠡᠮᠬᠢ ᠴᠡᠭᠴᠡ ᠲᠠᠢ ᠠᠬᠢᠭᠤᠯᠬᠤ ᠬᠡᠷᠡᠭᠲᠡᠢ᠃ ᠬᠠᠤᠯᠢ ᠶᠣᠰᠣᠭᠠᠷ ᠵᠠᠰᠠᠬᠤ ᠲᠠᠯ᠎ᠠ ᠪᠠᠷ᠂

ᠡᠯ᠎ᠡ ᠰᠠᠯᠠᠭ᠎ᠠ ᠮᠥᠴᠢᠷ ᠤᠨ ᠠᠵᠢᠯᠲᠠᠳ ᠲᠡᠦᠬᠡ ᠰᠣᠶᠣᠯ ᠤᠨ ᠪᠠᠭᠤᠷᠢ ᠶᠢ ᠬᠠᠮᠠᠭᠠᠯᠠᠬᠤ ᠬᠠᠤᠯᠢ ᠲᠣᠭᠲᠠᠭᠠᠯ

ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂

ᠬᠠᠤᠯᠢ ᠲᠣᠭᠲᠠᠭᠠᠯ ᠶᠣᠰᠣᠭᠠᠷ ᠠᠵᠢᠯ  ᠡᠭᠦᠷᠭᠡ ᠪᠠᠨ ᠭᠦᠢᠴᠡᠳᠬᠡᠬᠦ ᠬᠡᠷᠡᠭᠲᠡᠶ᠃ ᠠᠵᠤ ᠠᠬᠤᠢ ᠶᠢᠨ

ᠬᠥᠭᠵᠢᠯᠲᠡ ᠶᠢᠨ ᠲᠠᠯ᠎ᠠ ᠪᠠᠷ᠂ ᠪᠠᠭᠤᠷᠢ ᠶᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢᠨ ᠬᠠᠷᠢᠴᠠᠭ᠎ᠠ ᠶᠢ ᠰᠠᠶᠢᠲᠤᠷ

ᠰᠢᠢᠳᠪᠦᠷᠢᠯᠡᠵᠦ᠂ ᠬᠠᠮᠠᠭᠠᠯᠠᠬᠤ ᠪᠠ ᠠᠰᠢᠭᠯᠠᠬᠤ ᠶᠢ ᠵᠣᠬᠢᠴᠠᠩᠭᠤᠢ ᠪᠠᠷ ᠬᠥᠭᠵᠢᠭᠦᠯᠬᠦ ᠬᠡᠷᠡᠭᠲᠡᠢ ᠭᠡᠵᠠᠢ᠃

      ᠳᠡᠳ᠋ ᠬᠤᠰᠢᠭᠤᠨ ᠳᠠᠷᠤᠭ᠎ᠠ ᠳ᠋ᠤᠸᠠᠨ ᡁᠢ ᠭᠦᠸᠧ ᠮᠠᠨ ᠤ ᠬᠤᠰᠢᠭᠤᠨ ᠤ ᠲᠡᠦᠬᠡ ᠰᠣᠶᠣᠯ ᠤᠨ

ᠪᠠᠭᠤᠷᠢ ᠶᠢᠨ ᠬᠠᠮᠠᠭᠠᠯᠠᠯᠲᠠ ᠶᠢᠨ ᠪᠠᠶᠢᠳᠠᠯ ᠢ ᠬᠠᠷᠢᠭᠤ ᠮᠡᠳᠡᠭᠦᠯᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ

ᠭᠡᠰᠢᠭᠦᠳ ᠠᠳᠠᠯᠢ ᠪᠤᠰᠤ ᠬᠠᠷᠠᠭᠠᠰᠤ ᠠᠴᠠ ᠮᠠᠨ ᠤ ᠬᠤᠰᠢᠭᠤᠨ ᠤ ᠡᠷᠲᠡ ᠦᠶ᠎ᠡ ᠶᠢᠨ ᠲᠡᠦᠬᠡ ᠰᠣᠶᠣᠯ ᠤᠨ

ᠰᠤᠳᠤᠯᠭᠠᠨ᠂ ᠬᠥᠭᠵᠢᠯᠲᠡ᠂ ᠪᠠᠭᠤᠷᠢ ᠶᠢ ᠬᠠᠮᠠᠭᠠᠯᠠᠨ ᠠᠰᠢᠭᠯᠠᠬᠤ ᠠᠵᠢᠯ ᠤᠨ  ᠳᠠᠯ᠎ᠠ ᠳᠠᠬᠢ ᠣᠯᠤᠭᠰᠠᠨ ᠱᠠᠲᠤᠴᠢ

ᠴᠢᠨᠠᠷᠲᠠᠶ ᠦᠷ᠎ᠡ ᠪᠦᠲᠦᠭᠡᠯ ᠪᠠ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠤᠨ ᠲᠤᠬᠠᠶ ᠰᠠᠨᠠᠯ ᠢᠶᠠᠨ

ᠰᠣᠯᠢᠯᠴᠠᠨ ᠶᠠᠷᠢᠯᠴᠠᠪᠠ᠃

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号