ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠨᠢᠭᠡᠳᠦᠭᠡᠷ ᠤᠳᠠᠭᠠᠨ ᠤ ᠬᠤᠷᠠᠯ ᠬᠤᠷᠠᠯᠳᠣᠬᠰᠠᠨ
ᠨᠡᠶᠢᠲᠡᠯᠡᠭᠰᠡᠨ ᠴᠠᠭ᠄
2021/8/25
       8 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠬᠤᠰᠢᠭᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠲᠤᠰᠬᠠᠶ ᠰᠡᠳᠦᠪᠲᠦ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠪᠥᠬᠦ ᠬᠤᠰᠢᠭᠤᠨ ᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠪᠠᠶᠢᠳᠠᠯ᠂ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠠᠬᠢᠴᠠ ᠶᠢᠨ ᠪᠠᠶᠢᠳᠠᠯ ᠵᠡᠷᠭᠡ ᠬᠠᠮᠢᠶ᠎ᠠ ᠪᠥᠬᠦᠶ  ᠵᠦᠢᠯᠡᠰ ᠢ ᠰᠣᠨᠣᠰᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠱᠠᠲᠤᠨ ᠤ ᠠᠵᠢᠯ ᠤᠨ ᠲᠣᠬᠢᠷᠠᠭᠤᠯᠤᠯᠲᠠ ︵ᠬᠢᠨᠠᠨ ᠵᠥᠪᠯᠡᠬᠦ ᠨᠤᠤᠷᠠᠭ︶︾ ᠶᠢ ᠬᠢᠨᠠᠨ ᠵᠥᠪᠯᠡᠪᠡ᠃

        ᠬᠤᠷᠠᠯ ᠠᠴᠠ᠂ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ

ᠠᠵᠢᠯ ᠢ ᠬᠡᠷᠡᠭᠵᠢᠭᠦᠯᠬᠦ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠳᠠᠪᠰᠢᠯᠲᠠ ᠶᠢ ᠲᠦᠷᠭᠡᠳᠬᠡᠬᠦ ᠳᠤ ᠴᠢᠬᠤᠯᠠ ᠶᠡᠭᠡ

ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ

ᠶᠠᠭ ᠥᠷᠨᠢᠭᠦᠯᠵᠦ ᠪᠠᠶᠢᠭ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠶᠡᠷᠦᠩᠬᠡᠶ

ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠢᠳᠠᠯ᠂ ᠬᠢᠯᠢ ᠬᠢᠵᠠᠭᠠᠷ ᠤᠨ ᠪᠠᠶᠢᠳᠠᠯ ᠢ ᠰᠠᠶᠢᠲᠤᠷ ᠶᠠᠷᠢᠵᠤ᠂

ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ

ᠴᠢᠳᠠᠬᠤ ᠥᠬᠡᠶ︾  ᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠬᠤ

ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ

᠂ ᠡᠯ᠎ᠡ ᠵᠦᠢᠯ ᠤᠨ ᠠᠵᠢᠯ ᠢ ᠪᠣᠳᠠᠲᠠᠶ ᠨᠠᠷᠢᠯᠢᠭ ᠲᠤᠭᠤᠰᠢᠲᠠᠶ ᠬᠢᠵᠦ᠂ ᠮᠠᠨ ᠤ ᠬᠤᠰᠢᠭᠤᠨ ᠤ 2021 ᠣᠨ ᠤ

ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠭᠤᠷᠪᠠᠨ ᠲᠥᠷᠥᠯ ᠤᠨ ᠤᠯᠤᠰ ᠤᠨ ᠨᠢᠭᠡᠳᠦᠯᠲᠡᠶ

ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ

ᠪᠠᠲᠤᠯᠠᠬᠤ ᠬᠡᠷᠡᠭᠲᠡᠶ ᠭᠡᠵᠠᠢ᠃

         ᠬᠤᠷᠠᠯ ᠠᠴᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠣᠯ ᠪᠥᠬᠦ ᠲᠠᠯ᠎ᠠ ᠪᠠ ᠠᠯᠤᠰ ᠬᠡᠲᠦ ᠶᠢᠨ

ᠬᠥᠭᠵᠢᠯᠲᠡ ᠳᠤ ᠬᠤᠯᠪᠣᠭᠳᠠᠬᠤ ᠶᠡᠭᠡ ᠪᠠᠶᠢᠯᠳᠤᠬᠤ ᠪᠣᠳᠣᠯᠭ᠎ᠠ᠂ ᠶᠡᠭᠡ ᠠᠷᠭ᠎ᠠ ᠬᠡᠮᠵᠢᠶ᠎ᠡ᠂ ᠶᠡᠭᠡ ᠢᠨᠵᠧᠨᠧᠷᠢᠩ

ᠮᠥᠨ᠃ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠨᠢ ᠠᠷᠠᠯᠵᠢᠶᠠᠴᠢᠨ ᠤᠷᠢᠵᠤ ᠪᠠᠯᠠ

ᠣᠷᠣᠭᠤᠯᠬᠤ ᠶᠢ ᠠᠵᠤ ᠠᠬᠤᠶ ᠶᠢᠨ ᠠᠵᠢᠯ ᠤᠨ ᠨᠢᠭᠡᠳᠦᠭᠡᠷ ᠡᠭᠦᠷᠬᠡ ᠪᠠ ᠬᠥᠭᠵᠢᠯᠲᠡ ᠶᠢ ᠠᠬᠢᠭᠤᠯᠬᠤ ᠭᠤᠤᠯ

ᠢᠨᠵᠧᠨᠧᠷᠢᠩ ᠪᠣᠯᠭᠠᠵᠤ᠂ ᠠᠷᠠᠯᠵᠢᠶᠠᠴᠢᠨ ᠤᠷᠢᠬᠤ ᠲᠥᠷᠥᠯ ᠵᠦᠢᠯ ᠤᠨ ᠬᠥᠮᠥᠷᠭᠡ ᠶᠢ ᠨᠠᠷᠢᠨ ᠣᠨᠣᠪᠴᠢᠲᠠᠶ

ᠲᠥᠯᠥᠪᠯᠡᠵᠦ᠂ ᠮᠠᠨ ᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠠ ᠠᠵᠤ  ᠦᠢᠯᠡᠰ ᠤᠨ ᠬᠡᠯᠬᠢᠶ᠎ᠡ ᠶᠢᠨ

ᠬᠡᠷᠡᠭᠴᠡᠭᠡ ᠳᠤ ᠰᠠᠭᠤᠷᠢᠯᠠᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠩᠨᠡᠭᠡ ᠶᠢ ᠳᠣᠭᠢᠷᠠᠭᠤᠯᠤᠨ

ᠰᠢᠯᠢᠳᠡᠭᠵᠢᠭᠦᠯᠵᠦ᠂ ᠪᠥᠬᠦ ᠬᠤᠰᠢᠭᠤᠨ ᠤ ᠬᠦᠴᠦᠨ ᠢ ᠳᠠᠶᠢᠴᠢᠯᠠᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ

ᠶᠡᠭᠡ ᠰᠢᠪᠲᠤᠯᠤᠯᠲᠠ ᠪᠠᠷ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠶᠡᠭᠡ ᠬᠤᠷᠳᠤᠴᠠ ᠶᠢ ᠪᠡᠶᠡᠯᠡᠭᠦᠯᠬᠦ

ᠬᠡᠷᠡᠭᠲᠡᠶ ᠭᠡᠵᠠᠢ᠃

         ᠬᠤᠷᠠᠯ ᠠᠴᠠ ᠪᠠᠰᠠ ᠵᠢᠭᠠᠵᠤ ᠭᠠᠷᠭᠠᠬᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ

ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠨᠠᠮ ᠤᠨ ᠲᠡᠦᠬᠡ ᠶᠢᠨ

ᠰᠤᠷᠤᠯᠴᠠᠯᠭ᠎ᠠ ᠬᠥᠮᠦᠵᠢᠯ ᠤᠨ ᠭᠤᠤᠯ ᠠᠭᠤᠯᠭ᠎ᠠ ᠪᠣᠯᠭᠠᠬᠤ ᠶᠢ ᠪᠠᠷᠢᠮᠲᠠᠯᠠᠵᠤ᠂ ᠥᠷᠭᠡᠨ ᠣᠯᠠᠨ ᠨᠠᠮ ᠤᠨ ᠭᠡᠰᠢᠭᠦᠨ

ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠭᠦᠨᠵᠡᠭᠡᠶ ᠰᠤᠷᠤᠯᠴᠠᠨ ᠨᠠᠷᠢᠨ ᠣᠶᠢᠯᠠᠭᠠᠬᠤ ᠳᠤᠮᠳᠠ ᠣᠭ

ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠷᠢᠨ ᠬᠠᠷᠭᠤᠭᠤᠯᠵᠤ ᠯᠠᠪᠳᠠᠭᠤᠨ ᠪᠠᠲᠤᠲᠠᠶ

ᠦᠢᠯᠡᠳᠦᠯᠭᠡᠵᠢᠭᠦᠯᠬᠦ ᠳᠤᠮᠳᠠ ᠤᠷᠤᠭᠰᠢᠯᠠᠨ ᠳᠠᠪᠰᠢᠬᠤ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠶ᠃ ᠲᠡᠦᠬᠡ

ᠰᠤᠷᠴᠤ ᠬᠦᠴᠦᠯᠡᠨ ᠬᠡᠷᠡᠭᠵᠢᠭᠦᠯᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠤᠯᠳᠠ ᠪᠣᠯᠭᠠᠵᠤ᠂

︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ

ᠪᠠᠲᠤᠲᠠᠢ ᠥᠷᠨᠢᠭᠦᠯᠵᠦ᠂ ᠤᠯᠠᠨ ᠲᠦᠮᠡᠨ ᠤ ᠳᠡᠷᠭᠡᠳᠡᠬᠢ ︽ᠪᠠᠴᠢᠮ  ᠂ ᠬᠦᠴᠢᠷ︾ ᠠᠰᠠᠭᠤᠳᠠᠯ ᠢ ᠰᠡᠳᠬᠢᠯ

ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂

ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ  ᠭᠡᠵᠠᠢ᠃

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号