ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠮᠠᠨ ᠤ ᠬᠤᠰᠢᠭᠤᠨ ᠳᠤ ᠢᠷᠡᠵᠣ  ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2021/8/25
      8 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠮᠠᠨ ᠤ ᠬᠤᠰᠢᠭᠤᠨ ᠳᠤ ᠢᠷᠡᠵᠣ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠂ ᠠᠶᠣᠯᠭᠦᠢ  ᠦᠢᠯᠡᠳᠪᠦᠷᠢᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶ ᠶᠢᠨ ᠲᠠᠯᠠᠪᠠᠶ ᠶᠢᠨ ᠬᠤᠷᠠᠯ ᠤᠨ ᠪᠡᠯᠡᠳᠬᠡᠯ ᠠᠵᠢᠯ ᠢ ᠬᠡᠷᠡᠭᠵᠢᠭᠦᠯᠬᠦ ᠲᠤᠬᠠᠶ ᠪᠠᠶᠢᠴᠠᠭᠠᠨ ᠰᠤᠳᠤᠯᠤᠯᠲᠠ ᠬᠢᠪᠠ ᠃ ᠬᠤᠰᠢᠭᠤᠨ ᠤ ᠤᠳᠤᠷᠢᠳᠤᠯᠭ᠎ᠠ ᠷᠧᠨ ᠰᠢ᠂ ᠴᠢᠨ ᠬᠤᠸᠠᠢ ᠳ᠋ᠦᠩ᠂ ᠬᠠᠨ ᠶᠢᠩ᠂ ᠪᠦᠦ ᠱᠤᠸᠠᠩ ᠴᠢᠤᠸᠠᠨ᠂ ᠸᠠᠩ ᠶᠠᠨ ᠪᠥᠸᠧ᠂ ᠽᠦᠸᠧ ᠰᠢᠶᠠᠩ ᠯᠦᠩ᠂ ᠳ᠋ᠤᠸᠠᠨ ᡁᠢ ᠭᠦᠸᠧ ᠪᠠᠷ᠎ᠠ ᠪᠣᠯᠵᠤ ᠪᠠᠶᠢᠴᠠᠭᠠᠨ  ᠰᠤᠳᠤᠯᠵᠠᠢ᠃

      ᠸᠠᠩ ᠸᠠᠩ ᠱᠧᠩ ᠡᠩ ᠲᠡᠷᠢᠭᠦᠨ ᠳᠤ᠂ ᠣᠯᠠᠭᠠᠨᠳᠠᠪᠠᠭ᠎ᠠ ᠮᠣᠩᠭᠤᠯ ᠦᠨᠳᠦᠰᠦᠲᠡᠨ ᠤ ᠪᠠᠶᠢᠷᠢᠯᠠᠬᠤ

ᠳᠦᠷᠢᠮᠲᠦ ᠰᠤᠷᠭᠠᠭᠤᠯᠢ ᠳᠤ ᠬᠦᠷᠴᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ

ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠭᠠᠬᠤ ᠶᠢᠨ ᠬᠠᠮᠲᠦ ᠵᠢᠭᠠᠵᠣ ᠭᠠᠷᠭᠠᠬᠰᠡᠨ ᠨᠢ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠤᠨ

ᠲᠣᠭᠤᠷᠢᠨ ᠳᠤ᠂ ᠰᠤᠷᠭᠠᠭᠤᠯᠢ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠲᠠᠯ᠎ᠠ ᠪᠠᠷ

ᠨᠠᠷᠢᠯᠢᠭ ᠰᠠᠶᠢᠲᠤᠷ ᠬᠢᠬᠦ ᠬᠡᠷᠡᠭᠲᠡᠢ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠠᠲᠤᠯᠠᠭ᠎ᠠ ᠶᠢ ᠰᠠᠶᠢᠲᠤᠷ ᠬᠢᠵᠦ

᠂ ᠪᠠᠭᠰᠢ ᠶᠢᠨ ᠡᠩᠨᠡᠭᠡᠨ ᠤ ᠪᠣᠯᠪᠠᠰᠤᠷᠠᠯ ᠢ ᠴᠢᠩᠭᠠᠳᠬᠠᠨ᠂ ᠲᠣᠬᠢᠷᠠᠭᠤᠯᠣᠯᠲᠠ ᠶᠢ ᠰᠢᠯᠢᠳᠡᠭᠵᠢᠭᠦᠯᠵᠣ᠂

ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠰᠤᠷᠤᠯᠴᠠᠬᠤ

ᠴᠢᠳᠠᠪᠤᠷᠢ ᠪᠠᠨ ᠳᠡᠭᠡᠭᠰᠢᠯᠡᠭᠦᠯᠬᠦ ᠶᠢ ᠬᠦᠳᠤᠯᠤᠨ ᠵᠢᠯᠣᠭᠤᠳᠬᠤ ᠬᠡᠷᠡᠭᠲᠡᠢ᠃ ᠬᠢᠴᠢᠶᠡᠯ ᠤᠨ ᠳᠠᠷᠠᠭᠠᠬᠢ  

ᠦᠢᠯᠡᠴᠢᠯᠡᠭᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠬᠦ ᠳᠤ᠂ ᠡᠷᠬᠡᠪᠰᠢ ᠲᠥᠪ ᠤᠨ ᠪᠠ ᠥᠪᠡᠷᠲᠡᠭᠡᠨ

ᠵᠠᠰᠠᠬᠤ ᠣᠷᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠣᠶᠢᠯᠪᠣᠷᠢᠲᠠᠢ ᠨᠠᠶᠢᠳᠠᠪᠤᠷᠢᠵᠢᠭᠤᠯᠵᠤ᠂ ᠡᠨᠡᠬᠦ ᠲᠦᠭ

ᠲᠦᠮᠡᠨ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠶ᠃

ᠰᠤᠷᠭᠠᠭᠤᠯᠢ ᠶᠢᠨ ᠭᠠᠳᠠᠨᠠᠬᠢ ᠪᠣᠯᠪᠠᠰᠣᠷᠠᠯ ᠤᠨ ᠪᠠᠶᠢᠭᠤᠯᠤᠮᠵᠢ ᠶᠢ ᠵᠢᠷᠤᠮᠵᠢᠭᠤᠯᠵᠤ᠂ ᠶᠣᠰᠣ ᠰᠤᠷᠲᠠᠬᠤᠨ᠂ ᠤᠶᠤᠨ

ᠤᠬᠠᠭᠠᠨ᠂ ᠪᠡᠶ᠎ᠡ ᠮᠠᠬᠠᠪᠣᠳ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ

ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ ᠭᠡᠰᠡᠨ ᠪᠠᠶᠢᠨ᠎ᠠ᠃

      ᠤᠯᠠᠭᠠᠨᠬᠠᠳᠠ ᠶᠢᠨ ᠱᠠᠨ ᠶᠢᠨ ᠬᠤᠩ ᠯᠢᠩ ᠥᠩᠭᠡᠲᠦ ᠲᠡᠮᠦᠷᠯᠢᠭ ᠤᠨ ᠠᠭᠤᠷᠬᠠᠶ ᠶᠢᠨ ᠦᠢᠯᠡᠰ ᠤᠨ

ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠸᠠᠩ ᠸᠠᠩ ᠱᠧᠩ ᠠᠶᠤᠯ ᠥᠬᠡᠶ ᠦᠢᠯᠡᠳᠪᠦᠷᠢᠯᠡᠯ᠂ ᠡᠨᠧᠷᠭᠢ ᠶᠢᠨ

ᠬᠤᠷᠣᠭᠳᠠᠯ ᠤᠨ ︽ᠬᠤᠶᠠᠷ ᠢ ᠡᠵᠡᠮᠳᠡᠬᠦ︾ ᠵᠢᠴᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ

ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠣᠨᠣᠰᠪᠠ᠃ ᠲᠡᠷᠡ ᠵᠢᠭᠠᠵᠣ ᠭᠠᠷᠭᠠᠬᠰᠡᠨ ᠨᠢ᠂

ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ

ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ

ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠳᠠᠯᠤᠨ ᠰᠤᠳᠤᠯᠵᠤ ᠮᠦᠷᠳᠡᠨ ᠮᠠᠭᠠᠳᠯᠠᠬᠤ ᠪᠠᠨ ᠴᠢᠩᠭᠠᠳᠬᠠᠨ᠂

ᠱᠠᠭᠠᠷᠳᠠᠯᠭ᠎ᠠ ᠶᠣᠰᠣᠭᠠᠷ ︽ᠬᠤᠶᠠᠷ ᠢ ᠡᠵᠡᠮᠳᠡᠬᠦ︾ ᠡᠭᠦᠷᠭᠡ ᠶᠢ ᠡᠷᠡᠰ ᠪᠡᠶᠡᠯᠡᠭᠦᠯᠵᠦ᠂ ᠴᠢᠨᠠᠷ ᠰᠠᠶᠢᠲᠠᠶ

ᠬᠥᠭᠵᠢᠯᠲᠡ ᠳᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠬᠡᠷᠡᠭᠲᠡᠶ᠃ ᠡᠯ᠎ᠡ ᠠᠵᠤ ᠠᠬᠤᠶᠢᠯᠠᠯ ᠤᠨ ᠬᠢᠨ

ᠦᠶᠡᠷ ᠢ ᠰᠡᠷᠭᠡᠶᠢᠯᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠠᠮᠤᠷ ᠲᠦᠪᠰᠢᠨ ᠤ

ᠬᠡᠮ ᠰᠣᠭᠤᠭ ᠢ ᠰᠢᠰᠲ᠋ᠧᠮ ᠲᠠᠢ ᠵᠢᠭᠰᠠᠭᠠᠨ ᠪᠠᠶᠢᠴᠠᠭᠠᠵᠤ᠂  ᠢᠯᠡᠷᠡᠭᠰᠡᠨ ᠠᠰᠠᠭᠤᠳᠠᠯ ᠢ ᠰᠢᠢᠳᠪᠦᠷᠢᠯᠡᠵᠦ᠂ ᠠᠷᠠᠳ

ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠪᠣᠬᠢᠷᠲᠤᠯ

ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠡᠷᠡᠰ ᠰᠠᠶᠢᠲᠤᠷ ᠠᠳᠬᠤᠵᠤ᠂ ︽ᠠᠮᠢ ᠠᠬᠤᠶ ᠶᠢ ᠲᠡᠷᠢᠭᠦᠨ

 ᠳᠤ ᠲᠠᠯᠪᠢᠵᠤ᠂ ᠪᠣᠬᠢᠷᠲᠤᠯ ᠥᠬᠡᠶ ᠬᠥᠭᠵᠢᠭᠦᠯᠬᠦ︾ ᠣᠨᠣᠯᠵᠢᠬᠤᠨ ᠢ ᠪᠠᠷᠢᠮᠲᠠᠯᠠᠨ᠂ ᠬᠠᠷᠢᠭᠤᠴᠠᠯᠭᠠᠲᠤ ᠣᠪᠣᠷ᠂

ᠬᠦᠴᠦᠲᠡᠶ ᠠᠷᠭ᠎ᠠ ᠬᠡᠮᠵᠢᠶ᠎ᠡ ᠪᠠ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ

ᠪᠠᠶᠢᠭᠤᠯᠤᠯᠲᠠ ᠶᠢᠨ ᠨᠠᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠵᠤ ᠠᠬᠤᠶ ᠶᠢᠨ ᠦᠷ᠎ᠡ ᠠᠰᠢᠭ᠂

ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ ᠢ ᠬᠠᠮᠲᠤ ᠪᠠᠷ ᠭᠥᠷᠳᠡᠬᠦ ᠶᠢ ᠪᠡᠶᠡᠯᠡᠭᠦᠯᠬᠦ ᠬᠡᠷᠡᠭᠲᠡᠶ

ᠭᠡᠵᠠᠢ᠃

      ᠸᠠᠩ ᠸᠠᠩ ᠱᠧᠩ ᠪᠠᠰᠠ ᠠᠷᠪᠠᠨ ᠭᠤᠷᠪᠠᠨ‌ᠤᠪᠤᠭ᠎ᠠ ᠪᠠᠯᠭᠠᠰᠤᠨ ᠤ ᠰᠢ ᠭᠸᠤ ᠲᠣᠰᠬᠤᠨ ᠳᠤ ᠬᠦᠷᠴᠦ᠂

ᠪᠦᠬᠦ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠤᠨ

ᠪᠡᠯᠡᠳᠬᠡᠯ ᠠᠵᠢᠯ ᠤᠨ ᠪᠠᠶᠢᠳᠠᠯ ᠳᠤ ᠪᠠᠶᠢᠴᠠᠭᠠᠨ ᠦᠵᠡᠬᠦ ᠶᠢᠨ ᠬᠠᠮᠲᠤ ᠪᠡᠯᠡᠳᠬᠡᠯ ᠠᠵᠢᠯ ᠤᠨ ᠪᠠᠶᠢᠳᠠᠯ ᠳᠤ ᠪᠣᠳᠠᠲᠠᠢ

ᠰᠠᠨᠠᠯ ᠳᠤᠷᠠᠳᠴᠠᠢ᠃ ᠣᠶᠢᠯᠠᠭᠠᠭᠰᠠᠨ ᠢᠶᠠᠷ᠂ ᠰᠢ ᠭᠸᠤ ᠲᠣᠰᠬᠤᠨ ︽ᠨᠠᠮ ᠤᠨ ᠪᠠᠶᠢᠭᠤᠯᠤᠯᠲᠠ ᠪᠠᠷ ᠬᠦᠳᠦᠯᠦᠨ

ᠳᠠᠭᠠᠭᠤᠯᠬᠤ ᠪᠠᠷ ᠭᠤᠣᠯ ᠪᠣᠯᠭᠠᠵᠤ᠂  ᠲᠤᠤᠷᠵᠢᠭᠤᠯᠤᠯᠳᠠ + ᠮᠡᠳᠡᠭᠡ ᠵᠠᠩᠭᠢᠵᠢᠯᠲᠠ ᠪᠠᠷ ᠲᠠᠪᠴᠠᠩ ᠪᠣᠯᠭᠠᠵᠤ᠂

ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠪᠣᠯᠤᠨ ᠪᠦᠬᠦ ᠣᠷᠣᠨ ᠪᠦᠰᠡᠴᠢᠯᠡᠭᠰᠡᠨ ᠦᠢᠯᠡᠴᠢᠯᠡᠭᠡ ᠪᠠᠷ

ᠠᠭᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠬᠠᠤᠯᠢᠵᠢᠯ ᠤᠨ ᠶᠣᠰᠣ ᠰᠤᠷᠲᠠᠬᠤᠨ ᠢᠶᠠᠷ ᠵᠠᠰᠠᠬᠤ ᠪᠠᠷ ᠦᠨᠳᠦᠰᠦ

ᠪᠣᠯᠭᠠᠭᠰᠠᠨ︾ ᠲᠣᠰᠬᠤᠨ ᠤ ᠱᠠᠲᠤᠨ ᠤ ᠵᠠᠰᠠᠯᠲᠠ ᠶᠢᠨ ᠵᠠᠭᠪᠤᠷ ᠢ ᠬᠡᠷᠡᠭᠵᠢᠭᠦᠯᠪᠡ᠃  ︽ᠨᠢᠭᠡ ᠭᠡᠷ᠎ᠡ ᠳᠥᠷᠪᠡᠨ

ᠬᠤᠷᠠᠯ︾ ᠤᠨ ᠲᠣᠰᠬᠤᠨ ᠤ ᠲᠦᠷᠢᠮ ᠠᠷᠠᠳ ᠤᠨ ᠭᠡᠷ᠎ᠡ ᠪᠣᠯᠤᠨ ᠲᠣᠰᠬᠤᠨ ᠤ ᠠᠷᠠᠳ ᠤᠨ ᠵᠥᠪᠯᠡᠯ᠂ ᠶᠣᠰᠣ

ᠰᠤᠷᠲᠠᠬᠤᠨ ᠤ ᠵᠥᠪᠯᠡᠯ᠂ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ᠂ ᠵᠣᠭᠤᠰ ᠨᠠᠭᠠᠳᠬᠤ ᠬᠤᠤᠷᠳᠦ

ᠡᠳ᠋ ᠶᠢ ᠴᠠᠭᠠᠵᠠᠯᠠᠬᠤ ᠬᠤᠷᠠᠯ ᠢᠶᠠᠷ ᠲᠦᠰᠢᠭ ᠪᠣᠯᠭᠠᠵᠤ᠂ ᠲᠣᠰᠬᠤᠨ ᠤ ᠠᠷᠠᠳ ᠤᠨ ᠥᠪᠡᠷ ᠢ ᠪᠠᠨ ᠬᠢᠵᠠᠭᠠᠷᠯᠠᠬᠤ᠂

ᠥᠪᠡᠷ ᠢ ᠪᠠᠨ ᠬᠠᠮᠢᠶᠠᠷᠬᠤ ᠶᠢ ᠪᠡᠶᠡᠯᠡᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠠᠵᠤ ᠦᠢᠯᠡᠰ  ᠢ

ᠬᠦᠭᠵᠢᠭᠦᠯᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠢᠳᠡᠪᠬᠢᠲᠡᠶ ᠣᠷᠣᠯᠴᠠᠭᠤᠯᠵᠤ᠂ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠠᠷᠠᠳ ᠣᠯᠠᠨ

 ᠤ ᠰᠠᠨᠠᠭᠠᠴᠢᠯᠠᠭ᠎ᠠ ᠠᠴᠠ ᠪᠠᠨ ᠠᠭᠤᠰᠣᠯᠴᠠᠬᠤ ᠶᠢ ᠠᠬᠢᠭᠤᠯᠬᠤ ᠬᠡᠷᠡᠭᠲᠠᠢ ᠭᠡᠰᠡᠨ ᠪᠠᠶᠢᠨ᠎ᠠ᠃

                         

                            ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号