ᠬᠤᠰᠢᠭᠤ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ 2021 ᠣᠨ ᠤ 12 ᠳ᠋ᠤᠭᠠᠷ ᠤᠳᠠᠭᠠᠨ ᠤ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2021/8/25
     ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠣᠷᠣᠯᠠᠭᠴᠢ ᠬᠤᠰᠢᠭᠤᠨ ᠳᠠᠷᠤᠭ᠎ᠠ ᠴᠢᠨ ᠬᠤᠸᠠᠢ ᠳ᠋ᠦᠩ ᠬᠤᠰᠢᠭᠤ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ 2021 ᠣᠨ ᠤ 12 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠲᠥᠪᠡᠳ ᠲᠤ ᠠᠵᠢᠯ ᠪᠠᠶᠢᠴᠠᠭᠠᠬᠤ ᠦᠶ᠎ᠡ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠧᠤ ᠵᠢᠶᠠᠨ ᠫᠧᠩ ᠵᠡᠷᠭᠡ ᠨᠥᠬᠦᠳ ᠤᠨ ᠲᠤᠰᠢᠶᠠᠯ ᠡᠭᠦᠷᠭᠡᠯᠡᠬᠦ ᠲᠤᠬᠠᠶ ᠰᠠᠨᠠᠯ᠂ ᠪᠠᠭᠠᠷᠢᠨ ᠵᠡᠭᠦᠨ ᠬᠤᠰᠢᠭᠤᠨ ᠤ ᠠᠵᠤ  ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠢᠨᠵᠧᠨᠧᠷᠢᠩ ᠤᠨ ᠲᠤᠬᠠᠶ ᠵᠦᠢᠯᠡᠰ᠂ 2021 ᠣᠨ ᠤ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠤᠬᠠᠶ ᠵᠦᠢᠯᠡᠰ ᠢ ᠬᠢᠨᠠᠨ ᠵᠦᠪᠯᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠲᠥᠪᠡᠳ ᠲᠤ ᠠᠵᠢᠯ ᠪᠠᠶᠢᠴᠠᠭᠠᠬᠤ ᠦᠶ᠎ᠡ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠨᠢ ᠦᠵᠡᠯ ᠰᠠᠨᠠᠭ᠎ᠠ ᠪᠠᠷ ᠭᠦᠨ ᠭᠦᠨᠵᠡᠭᠡᠢ ᠪᠠᠶᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠪᠠ ᠠᠵᠢᠯ ᠤᠨ ᠲᠤᠬᠢᠷᠠᠭᠤᠯᠤᠯᠳᠠ ᠶᠢ ᠭᠦᠨᠵᠡᠭᠡᠢ ᠲᠣᠳᠣᠷᠬᠠᠶᠢᠯᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠪᠦᠬᠦ ᠲᠠᠯ᠎ᠠ ᠶᠢᠨ ᠲᠠᠶᠢᠴᠢᠯᠠᠯᠳᠠ ᠪᠠ ᠪᠠᠶᠢᠷᠢᠯᠠᠭᠤᠯᠤᠯᠲᠠ ᠬᠢᠵᠦ᠂ ᠪᠢᠳᠡᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠳᠤ ᠴᠢᠭᠯᠡᠯ ᠢ ᠵᠢᠭᠠᠨ ᠵᠢᠷᠤᠮᠯᠠᠯ ᠢ ᠬᠠᠩᠭᠠᠵᠠᠢ᠃ ᠤᠯᠠᠨ ᠢᠶᠠᠷ ᠢᠶᠠᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠠᠴᠠ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠢᠴᠡᠳ ᠲᠠᠨᠢᠬᠤ ᠬᠡᠷᠡᠭᠲᠡᠢ᠃ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠰᠠᠯᠠᠭ᠎ᠠ ᠮᠥᠴᠢᠷ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ᠂ ᠵᠥᠪ ᠣᠨᠣᠪᠴᠢᠲᠠᠢ ᠨᠠᠮ ᠤᠨ ᠲᠡᠦᠬᠡ ᠶᠢᠨ ᠦᠵᠡᠯᠲᠡ ᠪᠠᠷ ᠨᠠᠮ ᠤᠨ ᠲᠡᠦᠬᠡ ᠶᠢ ᠰᠤᠷᠤᠯᠴᠠᠵᠤ᠂ ᠨᠠᠮ ᠤᠨ ᠲᠡᠦᠬᠡ ᠶᠢ ᠣᠶᠢᠯᠠᠭᠠᠵᠤ᠂ ᠨᠠᠮ ᠤᠨ ᠲᠡᠦᠬᠡ ᠶᠢ ᠶᠠᠷᠢᠵᠤ᠂ ᠨᠠᠮ ᠤᠨ ᠲᠡᠦᠬᠡ ᠶᠢ ᠬᠡᠷᠡᠭᠵᠢᠬᠦᠯᠬᠦ ᠬᠡᠷᠡᠭᠲᠡᠢ ᠭᠡᠵᠡᠢ᠃    ᠬᠤᠷᠠᠯ ᠠᠴᠠ᠂ ᠪᠠᠭᠠᠷᠢᠨ ᠵᠡᠭᠦᠨ ᠬᠤᠰᠢᠭᠤᠨ ᠤ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠢᠨᠵᠧᠨᠧᠷᠢᠩ ᠤᠨ ᠲᠤᠬᠠᠶ  ᠵᠦᠢᠯᠡᠰ᠂ 2021 ᠣᠨ ᠤ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠤᠬᠠᠶ ᠵᠦᠢᠯᠡᠰ ᠢ ᠬᠢᠨᠠᠨ ᠵᠥᠪᠯᠡᠵᠦ  ᠪᠠᠲᠤᠯᠠᠵᠠᠢ᠃                    ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ                  
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号