ᠨᠤᠲᠤᠭ ᠤᠨ ᠲᠡᠦᠬᠡ ᠪᠠᠨ ᠡᠮᠬᠢᠯᠡᠨ ᠪᠢᠴᠢᠵᠦ ᠪᠠᠶᠢᠭ᠎ᠠ ᠪᠤᠶᠠᠨᠳᠤ ᠬᠦᠳᠡᠯᠮᠦᠷᠢ
ᠨᠡᠶᠢᠲᠡᠯᠡᠭᠰᠡᠨ ᠴᠠᠭ᠄
2021/8/25
    ᠠᠭᠤᠯᠠ ᠤᠰᠤᠨ ᠤ ᠲᠤᠮᠤᠭ ᠲᠡᠦᠬᠡ᠂ ᠠᠷᠠᠳ ᠤᠨ ᠲᠠᠭᠤᠨ ᠤ ᠦᠯᠢᠬᠡᠷ ᠵᠤᠭᠤᠭ ᠵᠡᠷᠭᠡ ᠶᠢᠨ ᠤᠯᠠᠩᠬᠢ ᠨᠢ ᠬᠦᠮᠦᠨ ᠠᠷᠠᠳ ᠤᠨ ᠢᠶᠠᠨ ᠲᠤᠮᠳᠠ ᠦᠶ᠎ᠡ ᠠᠴᠠ ᠦᠶ᠎ᠡ ᠲᠠᠮᠵᠢᠨ᠂ ᠠᠮᠠ ᠠᠴᠠ ᠠᠮᠠ ᠲᠠᠮᠵᠢᠨ ᠤᠯᠠᠮᠵᠢᠯᠠᠭᠳᠠᠵᠤ ᠪᠠᠶᠢᠳᠠᠭ ᠂ ᠡᠶᠢᠮᠦᠷᠬᠦᠦ ᠪᠠᠶᠢᠳᠠᠯ ᠨᠢ ᠤᠨ ᠵᠢᠯ ᠤᠯᠠᠷᠢᠨ ᠤᠳᠬᠤ ᠶᠢᠨ ᠡᠷᠬᠡᠨ ᠳᠤ ᠮᠠᠷᠳᠠᠭᠳᠠᠨ ᠭᠡᠭᠡᠭᠳᠡᠬᠦ ᠠᠶᠤᠯ ᠲᠠᠢ ᠶᠤᠮ᠃ ᠬᠠᠷᠢᠨ ᠪᠠᠶᠠᠬᠠᠭᠤᠯᠠ ᠪᠠᠯᠭᠠᠰᠤ ᠶᠢᠨ ᠶᠤᠯᠤ ᠶᠢᠨ ᠠᠷᠤ ᠭᠠᠴᠠᠭᠠᠨ ᠤ ᠠᠷᠠᠳ ᠤᠨ ᠤᠷᠠᠯᠢᠭᠴᠢᠨ ᠡᠩᠬᠡᠪᠠᠲᠤ ᠨᠠᠰᠤᠲᠠᠨ ᠨᠤᠲᠤᠭ ᠤᠰᠤᠨ ᠤ ᠪᠠᠨ ᠦᠯᠢᠭᠡᠷ ᠲᠡᠦᠬᠡ ᠶᠢ ᠴᠠᠭᠠᠰᠤᠨ ᠲᠡᠭᠡᠷ᠎ᠡ ᠪᠢᠴᠢᠵᠦ ᠦᠯᠡᠳᠡᠭᠡᠬᠦ ᠨᠦᠷᠢ ᠶᠡᠭᠡ ᠬᠦᠳᠡᠯᠮᠦᠷᠢ ᠳᠤ ᠰᠢᠮᠳᠡᠨ ᠵᠢᠳᠬᠦᠵᠦ ᠪᠠᠶᠢᠨ᠎ᠠ᠃    ᠡᠩᠬᠡᠪᠠᠲᠤ ᠨᠠᠰᠤᠲᠠᠨ ᠤᠶᠢᠷ᠎ᠠ ᠶᠢᠨ ᠬᠡᠳᠦᠨ ᠵᠢᠯ ᠠᠴᠠ ᠪᠠᠭ᠎ᠠ ᠵᠠᠯᠠᠭᠤ ᠨᠠᠰᠤᠨ ᠳᠤ ᠪᠠᠨ ᠠᠬᠠᠮᠠᠳ ᠨᠠᠰᠤᠲᠠᠳ ᠠᠴᠠ ᠰᠤᠨᠤᠰᠴᠤ ᠪᠠᠶᠢᠭᠰᠠᠨ ᠠᠷᠠᠳ ᠤᠨ ᠲᠠᠭᠤᠨ ᠤ ᠲᠤᠬᠠᠢ ᠦᠯᠢᠬᠡᠷ ᠲᠤᠮᠤᠭ ᠬᠢᠭᠡᠳ ᠨᠤᠲᠤᠭ ᠤᠨ ᠤᠯᠠᠨ ᠤ ᠲᠤᠮᠳᠠ ᠦᠷᠭᠡᠨ ᠢᠶᠠᠷ ᠲᠠᠷᠬᠠᠨ ᠲᠡᠯᠭᠡᠷᠡᠭᠰᠡᠨ ᠠᠭᠤᠯᠠ ᠤᠰᠤᠨ ᠤ ᠲᠤᠬᠠᠢ ᠲᠡᠦᠬᠡ ᠲᠤᠮᠤᠭ ᠢ ᠡᠮᠬᠢᠯᠡᠨ ᠪᠢᠴᠢᠵᠦ ᠬᠤᠶᠢᠴᠢ ᠦᠶ᠎ᠡ  ᠳᠤ ᠪᠠᠨ ᠦᠯᠡᠳᠡᠭᠡᠬᠦ ᠡᠩ ᠤᠨ ᠮᠡᠲᠦ ᠪᠤᠯᠪᠠᠴᠤ ᠲᠠᠯᠠᠨ ᠨᠠᠰᠤ ᠶᠢ ᠲᠦᠬᠦᠭᠰᠡᠨ ᠨᠠᠰᠤᠲᠠᠢ ᠬᠦᠮᠦᠨ ᠳᠤ ᠠᠪᠴᠤ ᠬᠡᠯᠡᠪᠡᠯ ᠨᠦᠷᠢ ᠶᠡᠭᠡ ᠬᠦᠴᠦ ᠬᠦᠳᠡᠯᠮᠦᠷᠢ ᠵᠠᠷᠤᠴᠠᠭᠤᠯᠬᠤ ᠠᠵᠢᠯ ᠢ ᠬᠢᠵᠦ ᠡᠬᠢᠯᠡᠭᠰᠡᠨ ᠪᠠᠶᠢᠨ᠎ᠠ᠃ ᠢᠩᠭᠢᠭᠡᠳ ᠲᠡᠷᠡ ᠲᠠᠰᠬᠠᠯ ᠤᠨ ᠲᠡᠪᠳᠡᠷ ᠲᠡᠭᠡᠷ᠎ᠡ ᠭᠠᠷ ᠢᠶᠠᠷ ᠢᠶᠠᠨ ᠪᠢᠴᠢᠵᠦ ᠤᠳᠤ ᠪᠤᠯᠬᠤ ᠳᠤ ᠨᠢᠭᠡᠨᠳᠡ ︽ᠶᠤᠯᠤ ᠶᠢᠨ ᠠᠷᠤ ᠶᠢᠨ ᠠᠭᠤᠯᠠ ᠤᠰᠤ︾ ᠭᠡᠬᠦ ᠲᠦᠷᠪᠡᠨ ᠲᠡᠪᠲᠡᠷ᠂ ︽ᠬᠠᠷᠠᠩᠭᠤᠢ ᠶᠢᠨ ᠲᠢᠶᠠᠨᠴᠢ ᠬᠢᠭᠡᠳ ᠠᠭᠤᠶᠢᠲᠤ ᠰᠦᠮ᠎ᠡ ᠶᠢᠨ ᠲᠤᠬᠠᠢ︾ ᠭᠡᠬᠦ ᠲᠤᠯᠤᠭᠠᠨ ᠲᠡᠪᠲᠡᠷ᠂ ︽ᠠᠷᠠᠳ ᠤᠨ ᠠᠮᠠᠨ ᠦᠯᠢᠬᠡᠷ ᠤᠳ︾ ᠭᠡᠬᠦ‍ ᠨᠢᠬᠡ ᠲᠡᠪᠲᠡᠷ ᠢ ᠪᠢᠴᠢᠵᠦ ᠲᠠᠭᠤᠰᠬᠠᠭᠠᠳ ᠪᠠᠶᠢᠭ᠎ᠠ ᠪᠦᠭᠡᠳ ︽ᠠᠷᠠᠳ ᠤᠨ ᠲᠠᠭᠤᠤ ᠪᠠ ᠲᠡᠭᠦᠨ ᠤ ᠲᠤᠬᠠᠢ ᠲᠤᠮᠤᠭᠯᠢᠭ ᠵᠤᠭᠤᠭ ᠶᠠᠷᠢᠶ᠎ᠠ ᠨᠤᠭᠤᠳ︾ ᠭᠡᠬᠦ ᠲᠡᠪᠲᠡᠷ ᠢᠶᠠᠨ ᠦᠷᠭᠦᠯᠵᠢᠯᠡᠬᠦᠯᠦᠨ ᠪᠢᠴᠢᠵᠦ ᠪᠤᠢ᠃    ᠲᠡᠷᠡ ᠪᠠᠰᠠ ᠡᠳᠡᠭᠡᠷ ᠡᠮᠬᠢᠳᠬᠡᠨ ᠪᠢᠴᠢᠭᠰᠡᠨ ᠵᠦᠢᠯᠡᠰ ᠢᠶᠠᠨ ᠨᠤᠮ ᠪᠢᠴᠢᠭ ᠪᠤᠯᠭᠠᠨ ᠬᠡᠪᠯᠡᠬᠦᠯᠦᠨ ᠲᠠᠷᠬᠠᠭᠠᠬᠤ ᠬᠦᠰᠡᠯ  ᠲᠠᠢ ᠪᠠᠶᠢᠭ᠎ᠠ ᠴᠦ ᠪᠡᠯᠡ ᠮᠦᠩᠭᠦ ᠬᠦᠷᠦᠯᠴᠡᠭᠡ ᠮᠠᠭᠤᠲᠠᠢ ᠵᠡᠷᠭᠡ ᠤᠯᠠᠨ ᠲᠠᠯ᠎ᠠ ᠶᠢᠨ ᠰᠢᠯᠲᠠᠭᠠᠨ ᠠᠴᠠ ᠪᠤᠯᠤᠭᠠᠳ ᠪᠡᠶᠡᠯᠡᠭᠳᠡᠵᠦ ᠴᠢᠳᠠᠬᠤ ᠦᠬᠡᠢ ᠪᠠᠶᠢᠨ᠎ᠠ ᠭᠡᠵᠦ ᠬᠡᠯᠡᠵᠦ ᠪᠠᠶᠢᠯ᠎ᠠ᠃ ᠡᠩᠬᠡᠪᠠᠲᠤ ᠨᠠᠰᠤᠲᠠᠨ ᠪᠤᠯ ᠨᠤᠲᠤᠭ ᠤᠰᠤᠨ ᠳᠤ ᠪᠠᠨ ᠠᠯᠲᠠᠷ ᠬᠦᠨᠳᠦ ᠲᠠᠢ ᠠᠷᠠᠳ ᠤᠨ ᠤᠷᠠᠯᠢᠭᠴᠢᠨ ᠬᠦᠮᠦᠨ ᠶᠤᠮ᠂ ᠲᠡᠷᠡ ᠶᠡᠷᠦ ᠶᠢᠨ ᠦᠶ᠎ᠡ ᠳᠤ ᠪᠠᠨ ᠬᠤᠭᠤᠷ ᠤᠷᠠᠯᠠᠬᠤ᠂ ᠬᠤᠭᠤᠷ ᠲᠠᠳᠠᠬᠤ᠂ ᠨᠤᠮ ᠤᠩᠰᠢᠬᠤ ᠵᠡᠷᠭᠡ ᠤᠯᠠᠨ ᠲᠠᠯ᠎ᠠ ᠶᠢᠨ ᠲᠤᠷ᠎ᠠ ᠪᠠᠬ᠎ᠠ ᠲᠠᠢ ᠪᠦᠭᠡᠳ ᠨᠤᠲᠤᠭ ᠤᠰᠤᠨ ᠤ ᠪᠠᠨ ᠠᠷᠠᠳ ᠤᠨ ᠲᠠᠭᠤᠤ ᠶᠢ ᠡᠮᠬᠢᠯᠡᠨ ᠴᠤᠭᠯᠠᠭᠤᠯᠬᠤ᠂ ᠮᠠᠷᠲᠠᠭᠳᠠᠬᠤ ᠰᠢᠬᠠᠭᠰᠠᠨ ᠠᠷᠠᠳ ᠤᠨ ᠲᠠᠭᠤᠤ ᠶᠢ ᠵᠢᠭᠠᠵᠤ ᠤᠯᠠᠮᠵᠢᠯᠠᠬᠤ᠂ ᠰᠡᠷᠭᠦᠭᠡᠨ ᠲᠠᠭᠤᠯᠠᠬᠤ ᠵᠡᠷᠭᠡ ᠠᠵᠢᠯ ᠳᠤ ᠪᠤᠳᠤᠯ ᠰᠡᠳᠬᠢᠯ᠂ ᠬᠦᠴᠦ ᠬᠦᠳᠡᠯᠮᠦᠷᠢ ᠪᠠᠨ ᠰᠢᠪᠬᠠᠨ ᠠᠵᠢᠯᠯᠠᠵᠤ ᠪᠠᠶᠢᠨ᠎ᠠ᠃  

 

                          ᠬᠠᠮ ᠵᠠᠭᠤᠴᠢᠯᠠᠭᠤᠷ ᠤᠨ ᠲᠦᠪ ᠤᠨ

                          ᠰᠤᠷᠪᠤᠯᠵᠢᠯᠠᠭᠴᠢ ᠰᠤᠳᠤ᠂ ᠡᠷᠬᠢᠮᠪᠠᠶᠠᠷ ᠮᠡᠳᠡᠭᠡᠯᠡᠵᠡᠢ᠃

 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号