ᠪᠠᠭᠠᠷᠢᠨ ᠵᠡᠭᠦᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠦᠭᠬᠦ ᠨᠢᠭᠡᠨ ᠬᠤᠪᠢ ᠵᠠᠬᠢᠳᠠᠯ
ᠨᠡᠶᠢᠲᠡᠯᠡᠭᠰᠡᠨ ᠴᠠᠭ᠄
2021/8/4
       ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠠᠰᠢ ᠬᠦᠨᠳᠦ ᠨᠣᠴᠢᠲᠠᠶ ᠪᠠᠶᠢᠨ᠎ᠠ᠂ ᠲᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠤᠯᠠᠮ ᠨᠢᠭᠡ ᠠᠯᠬᠤᠮ ᠪᠠᠲᠤᠯᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠶᠢᠨ ᠲᠥᠯᠥᠭᠡ᠂ ᠪᠠᠭᠠᠷᠢᠨ ᠵᠡᠭᠦᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠲᠠᠨ ᠳᠤ ᠳᠣᠣᠷᠠᠬᠢ ᠮᠡᠳᠦ ᠶᠢᠨ  ᠰᠠᠨᠠᠭᠠᠴᠢᠯᠠᠭ᠎ᠠ ᠳᠣᠷᠠᠳᠴᠦ ᠪᠠᠶᠢᠨ᠎ᠠ᠄      1 .ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠬᠤ᠃ ᠴᠢᠬᠤᠯᠠ ᠦᠭᠡᠢ ᠪᠤᠯ ᠬᠢᠯᠢ ᠠᠴᠠ ᠭᠠᠷᠬᠤ ᠥᠬᠡᠶ᠂ ᠴᠢᠬᠤᠯᠠ ᠥᠬᠡᠶ ᠪᠣᠯ ᠭᠠᠳᠠᠭᠰᠢ ᠭᠠᠷᠬᠤ ᠥᠬᠡᠶ᠂ ᠵᠢᠭᠤᠯᠴᠢᠯᠠᠬᠤ ᠥᠬᠡᠶ ᠪᠠᠶᠢᠬᠤ ᠶᠢ ᠪᠠᠷᠢᠮᠲᠠᠯᠠᠵᠤ᠂ ᠢᠯᠠᠩᠭᠤᠶ᠎ᠠ ᠬᠢᠵᠢᠭ ᠤᠨ ᠪᠠᠶᠢᠳᠠᠯ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠪᠠ ᠲᠣᠰ ᠭᠠᠵᠠᠷ ᠤᠨ ᠬᠢᠵᠢᠭ ᠤᠨ ᠪᠠᠶᠢᠳᠠᠯ ᠡᠭᠦᠰᠦᠭᠰᠡᠨ ᠬᠤᠲᠠ ᠳᠤ ᠣᠴᠢᠵᠤ ᠪᠣᠯᠬᠤ ᠥᠬᠡᠶ᠃ ᠬᠡᠷᠪᠡ ᠦᠨᠡᠨ ᠬᠦ ᠣᠴᠢᠬᠤ ᠴᠢᠬᠤᠯᠠᠲᠠᠶ ᠪᠣᠯ᠂ ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠵᠢᠴᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠤᠷᠢᠳᠴᠢᠯᠠᠨ ᠣᠶᠢᠯᠠᠭᠠᠵᠤ᠂ ᠠᠶᠠᠯᠠᠯ ᠤᠨ ᠲᠥᠯᠥᠪᠵᠢᠭᠦᠯᠭᠡ ᠪᠠᠨ ᠰᠠᠶᠢᠲᠤᠷ ᠬᠢᠵᠦ᠂ ᠠᠮᠠᠪᠴᠢ᠂ ᠭᠠᠷ ᠤᠬᠢᠶᠠᠬᠤ ᠥᠬᠡᠶ ᠠᠷᠢᠭᠤᠳᠬᠠᠬᠤ ᠡᠳ᠋ ᠵᠡᠷᠭᠡ ᠰᠡᠷᠭᠡᠶᠢᠯᠡᠨ ᠬᠠᠮᠠᠭᠠᠯᠠᠬᠤ ᠬᠡᠷᠡᠭᠰᠡᠯ ᠢ  ᠭᠦᠢᠴᠡᠳ ᠪᠡᠯᠡᠳᠬᠡᠵᠦ᠂  ᠬᠤᠪᠢ ᠬᠥᠮᠦᠨ ᠤ ᠬᠠᠮᠠᠭᠠᠯᠠᠯᠲᠠ ᠶᠢ ᠡᠷᠬᠡᠪᠰᠢ ᠰᠠᠶᠢᠲᠤᠷ ᠬᠢᠵᠦ᠂ ᠪᠤᠴᠠᠵᠤ ᠢᠷᠡᠭᠰᠡᠨ ᠤ ᠳᠠᠷᠠᠭ᠎ᠠ ᠱᠠᠭᠠᠷᠳᠠᠯᠭ᠎ᠠ ᠶᠣᠰᠣᠭᠠᠷ ᠤᠬᠠᠮᠰᠠᠷ ᠠᠴᠠ ᠪᠠᠨ ᠲᠤᠰᠠᠭᠠᠷᠯᠠᠨ ᠠᠵᠢᠭᠯᠠᠬᠤ ᠬᠡᠷᠡᠭᠲᠡᠶ᠃      2 .ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠵᠢᠷᠤᠮᠯᠠᠨ ᠰᠠᠬᠢᠬᠤ᠃ ᠥᠷᠭᠡᠨ ᠣᠯᠠᠨ ᠰᠠᠭᠤᠭᠠᠯᠢ ᠠᠷᠠᠳ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠬᠥᠭᠵᠢᠯᠲᠡ ᠬᠤᠪᠢᠷᠠᠯᠲᠠ᠂ ᠳᠤᠮᠳᠠ ᠥᠨᠳᠥᠷ ᠠᠶᠤᠯ ᠲᠦᠭᠰᠢᠭᠦᠷᠢ ᠶᠢᠨ ᠭᠠᠵᠠᠷ ᠣᠷᠣᠨ ᠤ ᠲᠣᠬᠢᠷᠠᠭᠤᠯᠤᠯᠲᠠ ᠬᠢᠭᠰᠡᠨ ᠪᠠᠶᠢᠳᠠᠯ ᠵᠢᠴᠢ ᠬᠠᠮᠢᠶ᠎ᠠ ᠪᠥᠬᠦᠶ ᠠᠷᠭ᠎ᠠ ᠴᠢᠨᠠᠷᠲᠠᠶ ᠬᠠᠯᠳᠠᠪᠤᠷᠢᠯᠠᠭᠰᠠᠳ ᠤᠨ ᠠᠵᠢᠯᠯᠠᠭ᠎ᠠ ᠶᠢᠨ ᠵᠠᠮ ᠢ ᠦᠷᠭᠦᠯᠵᠢᠯᠡᠨ ᠠᠩᠬᠠᠷᠤᠭᠠᠷᠠᠶ᠃ ᠣᠶᠢᠷ᠎ᠠ ᠶᠢᠨ 14 ᠡᠳᠦᠷ ᠲᠤ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠭᠰᠠᠨ ᠲᠡᠦᠬᠡ ᠲᠠᠢ ᠬᠥᠮᠦᠰ ᠪᠤᠶᠤ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ  ᠬᠦᠮᠦᠨ ᠲᠠᠢ ᠠᠳᠠᠯᠢ ᠴᠠᠭ᠂ ᠠᠳᠠᠯᠢ ᠭᠠᠵᠠᠷ  ᠪᠠᠶᠢᠵᠤ ᠦᠩᠭᠡᠷᠡᠭᠰᠡᠨ ᠪᠣᠯ ᠡᠷᠬᠡᠪᠰᠢ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶᠂  ᠨᠢᠭᠡᠴᠠ ᠪᠤᠶᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠦᠨ ᠳᠠᠩᠰᠠᠯᠠᠭᠤᠯᠵᠤ᠂ ᠬᠠᠷᠢᠶ᠎ᠠ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠡᠷᠭᠡ ᠡᠯ᠎ᠡ  ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠠᠷᠤᠶ ᠲᠦᠷᠭᠡᠨ ᠨᠠᠶᠢᠳᠠᠪᠤᠷᠢᠵᠢᠭᠤᠯᠬᠤ ᠬᠡᠷᠡᠭᠲᠡᠶ᠃       3 .ᠡᠷᠡᠭᠦᠯ ᠡᠩᠬᠡ ᠶᠢᠨ ᠬᠢᠨᠠᠨ ᠰᠢᠨᠵᠢᠯᠳᠡ ᠶᠢ ᠴᠢᠩᠭᠠᠳᠬᠠᠬᠤ᠃ ᠬᠤᠪᠢ ᠬᠥᠮᠦᠨ ᠪᠠ ᠬᠡᠷ ᠤᠨ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠢ ᠴᠠᠭ ᠢᠮᠠᠭᠲᠠ ᠠᠩᠬᠠᠷᠴᠤ᠂ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ ᠠᠮᠠᠪᠴᠢ ᠵᠡᠭᠦᠬᠦ ᠶᠢ ᠵᠢᠷᠤᠮᠵᠢᠭᠤᠯᠬᠤ ᠶᠢᠨ ᠬᠠᠮᠲᠤ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠪᠤᠶᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠪᠠ ᠴᠠᠬᠳᠠᠨ ᠪᠠᠶᠢᠴᠠᠭᠠᠬᠤ ᠶᠢᠨ ᠬᠠᠮᠲᠤ᠂ ᠬᠤᠪᠢ ᠬᠥᠮᠦᠨ ᠤ ᠵᠢᠭᠤᠯᠴᠢᠯᠠᠨ ᠰᠠᠭᠤᠭᠰᠠᠨ ᠲᠡᠦᠬᠡ᠂ ᠬᠥᠳᠡᠯᠭᠡᠭᠡᠨ ᠤ ᠲᠡᠦᠬᠡ ᠪᠠ ᠣᠶᠢᠷᠠᠲᠤᠭᠰᠠᠨ ᠲᠡᠦᠬᠡ ᠶᠢ ᠦᠨᠡᠨ ᠮᠥᠨ ᠢᠶᠠᠷ ᠨᠢ ᠮᠡᠳᠡᠭᠦᠯᠵᠦ᠂ ᠡᠪᠡᠳᠴᠢᠨ ᠦᠵᠡᠭᠦᠯᠬᠦ ᠵᠠᠮ ᠵᠠᠭᠤᠷ᠎ᠠ ᠪᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃      4 .ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠯᠳᠡ ᠶᠢᠨ ᠳᠠᠷᠢᠯᠭ᠎ᠠ ᠶᠢ ᠢᠳᠡᠪᠬᠢᠲᠡᠶ ᠳᠠᠷᠢᠬᠤ ᠃ ᠰᠡᠷᠭᠡᠶᠢᠯᠡᠯᠳᠡ ᠶᠢᠨ ᠳᠠᠷᠢᠯᠭ᠎ᠠ ᠬᠢᠬᠦ ᠪᠣᠯ ᠡᠪᠡᠳᠴᠢᠨ ᠡᠮᠭᠡᠭ ᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠰᠢᠨ᠎ᠡ ᠲᠢᠲᠢᠮᠯᠢᠭ ᠸᠢᠷᠦ᠋ᠰ ᠤᠨ ᠰᠡᠷᠭᠡᠶᠢᠯᠡᠯᠳᠡ ᠶᠢᠨ ᠳᠠᠷᠢᠯᠭ᠎ᠠ ᠳᠠᠷᠢᠭᠠᠳᠤᠶ ᠬᠥᠮᠦᠰ ᠢᠳᠡᠪᠬᠢᠲᠡᠶ ᠪᠠᠷ ᠪᠣᠯᠵᠣᠵᠤ ᠳᠠᠷᠢᠭᠠᠷᠠᠶ︔ ᠨᠢᠭᠡᠨᠲᠡ ᠳᠠᠷᠢᠭᠰᠠᠨ ᠪᠣᠯᠪᠠᠴᠤ ᠳᠠᠷᠢᠯᠭ᠎ᠠ ᠶᠢᠨ ᠲᠣᠳᠣᠷᠬᠠᠶᠢᠯᠠᠯᠲᠠ ᠶᠣᠰᠣᠭᠠᠷ ᠳᠠᠷᠢᠯᠭ᠎ᠠ ᠶᠢᠨ ᠱᠠᠭᠠᠷᠳᠠᠯᠭ᠎ᠠ ᠶᠣᠰᠣᠭᠠᠷ ᠪᠡᠶᠡᠯᠡᠭᠦᠯᠵᠤ ᠴᠢᠳᠠᠭᠠᠳᠦᠢ ᠬᠥᠮᠦᠰ᠂ ᠠᠯᠤᠰᠯᠠᠬᠤ ᠴᠠᠭ ᠪᠣᠯᠤᠭᠰᠠᠨ ᠤ ᠳᠠᠷᠠᠭ᠎ᠠ᠂ ᠲᠠᠷᠠᠭᠠᠴᠢ ᠶᠢᠨ ᠳᠠᠷᠢᠬᠤ ᠠᠵᠢᠯ ᠢ ᠡᠷᠲᠡᠬᠡᠨ ᠪᠡᠶᠡᠯᠡᠭᠦᠯᠬᠦ ᠬᠡᠷᠡᠭᠲᠡᠶ᠃      5 .ᠪᠣᠯᠪᠠᠰᠤᠨ ᠠᠮᠢᠳᠤᠷᠠᠯ ᠤᠨ ᠳᠠᠳᠬᠠᠯ ᠢ ᠪᠠᠳᠣᠯᠠᠬᠤ᠃ ᠠᠮᠠᠪᠴᠢ ᠶᠢ ᠰᠢᠨᠵᠢᠯᠡᠬᠦ ᠤᠬᠠᠭᠠᠨᠴᠢ ᠪᠠᠷ ᠵᠡᠭᠦᠬᠦ᠂ ᠭᠠᠷ ᠢᠶᠠᠨ ᠪᠠᠶᠢᠩᠭᠤ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠪᠥᠭᠡᠮᠨᠡᠷᠡᠬᠦ ᠦᠭᠡᠢ᠂ ᠴᠤᠭᠯᠠᠷᠠᠬᠤ ᠦᠭᠡᠢ᠂ ᠬᠤᠭᠤᠯᠠ ᠬᠤᠪᠢᠶᠠᠬᠤ ᠲᠦᠷᠢᠮ᠂ ᠨᠡᠶᠢᠲᠡ ᠶᠢᠨ ᠰᠠᠪᠬ᠎ᠠ ᠬᠡᠷᠡᠭᠯᠡᠬᠦ᠂ 1  ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠵᠡᠷᠭᠡ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠠᠷᠢᠮᠲᠠᠯᠠᠵᠤ᠂ ᠴᠢᠳᠠᠬᠤ ᠶᠢᠨ ᠳᠣᠲᠣᠷ᠎ᠠ ᠬᠥᠮᠦᠨ ᠬᠠᠷ᠎ᠠ ᠨᠢᠭᠲᠠᠷᠠᠭᠰᠠᠨ᠂ ᠠᠭᠠᠷ ᠨᠡᠪᠲᠡᠷᠡᠬᠦ ᠦᠭᠡᠢ ᠲᠠᠯᠠᠪᠤᠷ ᠭᠠᠵᠠᠷ ᠲᠤ ᠣᠴᠢᠬᠤ ᠦᠭᠡᠢ ᠪᠤᠶᠤ ᠴᠥᠭᠡᠨ ᠣᠴᠢᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠵᠢᠷᠤᠮᠯᠠᠵᠤ᠂ ᠬᠤᠳᠠᠯᠳᠤᠭᠠᠨ ᠤ ᠲᠠᠯᠠᠪᠤᠷ᠂ ᠬᠡᠳᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠪᠠᠭᠤᠳᠠᠯ᠂ ᠺᠢᠨᠣ᠋ ᠵᠦᠴᠦᠭᠡ ᠶᠢᠨ ᠬᠦᠷᠢᠶᠡᠯᠡᠩ᠂ ᠨᠡᠶᠢᠲᠡ ᠶᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ᠂ ᠨᠢᠰᠬᠡᠯ ᠤᠨ ᠪᠠᠭᠤᠳᠠᠯ ᠤᠨ ᠨᠢᠰᠬᠡᠯ ᠬᠦᠯᠢᠶᠡᠬᠦ ᠲᠠᠰᠤᠭ ᠵᠡᠷᠭᠡ ᠤᠯᠠᠨ ᠨᠡᠶᠢᠲᠡ ᠶᠢᠨ ᠲᠠᠯᠠᠪᠤᠷ ᠲᠤ ᠠᠮᠠᠪᠴᠢ ᠵᠡᠭᠦᠬᠦ ᠶᠢ ᠪᠠᠷᠢᠮᠲᠠᠯᠠᠵᠤ᠂ ᠰᠢᠯᠭᠠᠨ ᠪᠠᠶᠢᠴᠠᠭᠠᠬᠤ ᠺᠣᠳ᠋ ᠢᠶᠠᠷ ᠳᠤᠯᠠᠭᠠᠨ ᠢ ᠬᠡᠮᠵᠢᠬᠦ ᠵᠡᠷᠭᠡ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃        6 .ᠴᠢᠬᠤᠯᠠ ᠦᠭᠡᠢ ᠪᠣᠯ ᠴᠤᠭᠯᠠᠷᠠᠬᠤ ᠥᠬᠡᠶ ᠪᠠᠶᠢᠬᠤ ᠶᠢ ᠪᠠᠷᠢᠮᠲᠠᠯᠠᠬᠤ  ᠃ ᠬᠥᠮᠦᠨ ᠪᠣᠯᠭᠠᠨ ᠴᠥᠮ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ᠂ ᠬᠥᠮᠦᠨ ᠬᠠᠷ᠎ᠠ ᠨᠢᠭᠲᠠ ᠪᠤᠶᠤ ᠨᠢᠭᠲᠠ ᠪᠢᠲᠡᠭᠦᠮᠵᠢᠯᠡᠭᠰᠡᠨ ᠲᠠᠯᠠᠪᠤᠷ ᠲᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠴᠢᠬᠤᠯᠠ  ᠪᠢᠰᠢ ᠬᠠᠮᠲᠤ ᠶᠢᠨ ᠬᠤᠭᠤᠯᠠ ᠶᠢ ᠪᠠᠭᠠᠰᠬᠠᠬᠤ ᠬᠡᠷᠡᠭᠲᠡᠶ᠃ ᠠᠯᠪᠠᠨ ᠲᠤᠰᠢᠶᠠᠯᠲᠠᠨ᠂ ᠨᠠᠮ ᠤᠨ ᠭᠡᠰᠢᠭᠦᠨ ᠺᠠᠳ᠋ᠷ ᠲᠦᠷᠦᠭᠦᠯᠡᠨ ᠳᠠᠶᠢᠯᠠᠯᠭ᠎ᠠ᠂ ᠴᠤᠭᠯᠠᠭᠠᠨ ᠵᠡᠷᠭᠡ ᠴᠤᠭᠯᠠᠷᠠᠯ ᠤᠨ ᠠᠵᠢᠯᠯᠠᠭ᠎ᠠ ᠳᠤ ᠣᠷᠣᠯᠴᠠᠬᠤ ᠥᠬᠡᠶ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠬᠥᠲᠥᠯᠥᠨ ᠵᠢᠯᠣᠭᠤᠳᠬᠤ ᠠᠵᠢᠯ ᠢ ᠲᠦᠷᠦᠭᠦᠯᠡᠨ ᠰᠠᠶᠢᠲᠤᠷ ᠬᠢᠬᠦ ᠬᠡᠷᠡᠭᠲᠡᠶ᠃      7 .ᠡᠷᠡᠭᠦᠯ ᠡᠩᠬᠡ ᠵᠦᠪ ᠰᠡᠳᠬᠢᠴᠡ ᠶᠢᠨ ᠪᠠᠶᠢᠳᠠᠯ ᠢ ᠪᠠᠳᠣᠯᠠᠬᠤ᠃ ᠠᠯᠪᠠᠨ ᠤ ᠲᠠᠯ᠎ᠠ ᠶᠢᠨ ᠡᠷᠬᠡ ᠰᠦᠷ ᠲᠠᠢ ᠨᠡᠶᠢᠲᠡᠯᠡᠭᠰᠡᠨ᠂ ᠭᠤᠤᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠵᠢᠩᠬᠢᠨᠢ ᠠᠷᠭ᠎ᠠ ᠵᠠᠮ ᠢᠶᠠᠷ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ᠂ ᠴᠤᠤᠷᠬᠠᠯ ᠲᠠᠯᠪᠢᠬᠤ ᠥᠬᠡᠶ ᠪᠠᠶᠢᠵᠤ᠂ ᠴᠢᠬᠤᠯᠠ ᠪᠤᠰᠤ ᠰᠠᠨᠠᠭᠠᠰᠢᠷᠠᠯ ᠪᠠ ᠭᠡᠯᠮᠡᠭᠳᠡᠯ ᠠᠴᠠ ᠵᠠᠶᠢᠯᠠᠰᠬᠢᠨ᠎ᠡ᠃            ᠪᠠᠭᠠᠷᠢᠨ ᠵᠡᠭᠦᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ            ᠬᠠᠯᠳᠠᠪᠤᠷᠢᠯᠠᠭᠰᠠᠨ ᠠᠭᠤᠰᠬᠢᠨ ᠦᠷᠪᠢᠰᠦᠯ  ᠢ ᠰᠡᠷᠭᠡᠶᠢᠯᠡᠨ ᠡᠵᠡᠮᠳᠡᠬᠦ ᠠᠵᠢᠯ ᠤᠨ                             ᠵᠢᠯᠣᠭᠤᠳᠬᠤ ᠭᠠᠵᠠᠷ᠃                                                                                                              2021 ᠣᠨ ᠤ 8 ᠳ᠋ᠤᠭᠠᠷ ᠰᠠᠷ᠎ᠠ ᠶᠢᠨ 1 ᠤ ᠡᠳᠦᠷ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号