ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠪᠠᠴᠢᠮ ᠵᠠᠷᠯᠠᠯ
ᠨᠡᠶᠢᠲᠡᠯᠡᠭᠰᠡᠨ ᠴᠠᠭ᠄
2021/8/6
     ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠣᠨᠴᠠᠭᠠᠶ ᠬᠦᠨᠳᠦ ᠨᠣᠴᠢᠲᠠᠶ ᠪᠠᠶᠢᠵᠤ᠂ ᠨᠠᠨᠵᠢᠩ ᠤᠨ ᠯᠦ ᠺᠸᠦ ᠨᠢᠰᠬᠡᠯ ᠤᠨ ᠪᠠᠭᠤᠳᠠᠯ ᠤᠨ ᠬᠢᠵᠢᠭ ᠤᠨ ᠪᠠᠶᠢᠳᠠᠯ ᠲᠦᠷᠭᠡᠨ ᠦᠷᠪᠢᠰᠦᠨ ᠳᠡᠯᠭᠡᠷᠡᠵᠦ᠂ ᠬᠠᠯᠳᠠᠪᠤᠷᠢᠯᠠᠬᠤ ᠬᠡᠯᠬᠢᠶ᠎ᠡ ᠨᠢᠭᠡᠨᠲᠡ ᠣᠯᠠᠨ ᠮᠤᠵᠢ ᠬᠤᠲᠠ ᠶᠢ ᠨᠥᠯᠥᠭᠡᠯᠡᠵᠦ ᠪᠠᠶᠢᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠲᠠᠷᠠᠭᠠᠬᠢ ᠮᠡᠲᠦ ᠵᠠᠷᠯᠠᠨ ᠮᠡᠳᠡᠭᠳᠡᠶ᠎ᠡ᠃       ᠨᠢᠭᠡ᠂ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠨᠠᠨᠵᠢᠩ ᠤᠨ ᠯᠦ ᠺᠸᠦ ᠨᠢᠰᠬᠡᠯ ᠤᠨ ᠪᠠᠭᠤᠳᠠᠯ ᠡᠴᠠ‌ᠢᠷᠡᠬᠦ ᠪᠤᠶᠤ ᠪᠤᠴᠠᠬᠤ᠂ ᠤᠯᠠᠭᠠᠨᠬᠠᠳᠠ ᠳᠤ ᠪᠤᠴᠠᠬᠤ ᠬᠥᠮᠦᠰ ᠵᠠᠷᠴᠢᠮ ᠳᠡᠭᠡᠷ᠎ᠡ ᠪᠠᠨ ᠴᠥᠮ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠬᠠᠮᠲᠤ 1᠂ 3᠂ 7᠂ 14 ᠡᠳᠦᠷ ᠲᠤ ᠲᠣᠰ ᠪᠦᠷᠢ 1 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ︔ ᠥᠨᠳᠥᠷ ᠲᠦᠭᠰᠢᠭᠦᠷᠢ ᠲᠠᠢ ᠣᠷᠣᠨ ᠠᠴᠠ ᠤᠯᠠᠭᠠᠨᠬᠠᠳᠠ ᠳᠤ ᠢᠷᠡᠬᠦ ᠬᠥᠮᠦᠰ᠂ ᠤᠯᠠᠭᠠᠨᠬᠠᠳᠠ ᠳᠤ ᠬᠦᠷᠦᠭᠰᠡᠨ ᠤ ᠳᠠᠷᠠᠭ᠎ᠠ ᠲᠡᠷᠡ ᠳᠠᠷᠤᠶ ᠳᠤᠨᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠶᠢᠨ ᠬᠠᠮᠲᠤ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ︔ ᠳᠤᠮᠳᠠ ᠵᠡᠷᠭᠡ ᠶᠢᠨ ᠲᠦᠭᠰᠢᠬᠦᠷᠢ ᠲᠠᠢ ᠭᠠᠵᠠᠷ ᠣᠷᠣᠨ ᠠᠴᠠ ᠤᠯᠠᠭᠠᠨᠬᠠᠳᠠ ᠳᠤ ᠢᠷᠡᠬᠦ ᠬᠥᠮᠦᠰ ᠲᠤ ᠲᠡᠷᠡ ᠳᠠᠷᠤᠶ ᠳᠤᠨᠢ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃ ︽14 ᠡᠳᠦᠷ ᠬᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃        ᠬᠤᠶᠠᠷ᠂ ᠲᠦᠭᠰᠢᠭᠦᠷᠢ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠤᠨ ᠬᠤᠲᠠ ᠠᠴᠠ ᠤᠯᠠᠭᠠᠨᠬᠠᠳᠠ ᠳᠤ ᠪᠤᠴᠠᠭᠰᠠᠨ ᠬᠥᠮᠦᠰ᠂ ᠤᠯᠠᠭᠠᠨᠬᠠᠳᠠ ᠳᠤ ᠬᠦᠷᠦᠭᠰᠡᠨ ᠤ ᠳᠠᠷᠠᠭ᠎ᠠ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠨᠢᠭᠡᠴᠡ ᠳᠤ  ᠪᠠᠨ ᠳᠠᠷᠦ᠋ᠢᠬᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠲᠣᠭᠤᠷᠢᠭ ᠴᠤ ᠡᠨᠡ ᠲᠥᠷᠥᠯ ‍ᠤᠨ‌‍ᠬᠥ᠋ᠮᠦᠰ ᠢ ᠴᠢᠩᠭ᠎ᠠ ᠵᠢᠭᠰᠠᠭᠠᠨ ᠪᠠᠶᠢᠴᠠᠭᠠᠵᠤ᠂ ᠬᠥᠮᠦᠰ ᠤᠯᠠᠭᠠᠨᠬᠠᠳᠠ ᠳᠤ ᠬᠦᠷᠦᠭᠰᠡᠨ ᠤ ᠳᠠᠷᠠᠭ᠎ᠠ ᠲᠡᠷᠡ ᠳᠠᠷᠤᠶ ᠳᠤᠨᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠢᠬᠦ ᠶᠢ ᠦᠨᠡᠨ ᠬᠦ ᠪᠠᠲᠤᠯᠠᠨ᠎ᠠ᠂ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠣᠷᠣᠭᠤᠯᠤᠨ᠎ᠠ᠃        ᠭᠤᠷᠪᠠ᠂ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠨ᠎ᠠ᠃ ︽ᠴᠢᠬᠤᠯᠠ ᠦᠭᠡᠶ ᠪᠣᠯ ᠡᠷᠬᠢᠯᠡᠬᠦ ᠦᠭᠡᠶ︾ ᠪᠠᠶᠢᠬᠤ ᠵᠠᠷᠴᠢᠮ ᠤᠨ ᠶᠣᠰᠣᠭᠠᠷ᠂ ᠲᠣᠮᠣ ᠬᠡᠯᠪᠡᠷᠢ ᠶᠢᠨ ᠰᠣᠶᠣᠯ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢᠨ ᠬᠡᠪᠴᠢᠶ᠎ᠡ ᠶᠢ ᠴᠢᠩᠭ᠎ᠠ ᠴᠣᠮᠬᠠᠳᠬᠠᠬᠤ ᠪᠠ ᠪᠠᠭᠠᠰᠬᠠᠵᠤ᠂ ᠦᠨᠡᠨᠬᠦ ᠡᠷᠬᠢᠯᠡᠬᠦ ᠴᠢᠬᠤᠯᠠ ᠲᠠᠢ ᠪᠣᠯ ᠡᠷᠬᠡᠪᠰᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ᠂ ᠳᠠᠩᠰᠠᠯᠠᠭᠤᠯᠬᠤ ᠬᠡᠷᠡᠭᠲᠡᠶ᠃ ᠡᠭᠦᠨ ᠤ ᠬᠠᠮᠲᠤ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ᠂ ᠮᠡᠳᠡᠭᠡ ᠵᠠᠩᠭᠢ ᠲᠡᠮᠳᠡᠭᠯᠡᠬᠦ᠂ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠣᠷᠴᠢᠨ ᠲᠣᠭᠤᠷᠢᠨ ᠢ ᠠᠷᠢᠭᠤᠳᠬᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠥᠮᠦᠨ ᠤ ᠲᠤᠭ᠎ᠠ ᠶᠢ ᠬᠢᠵᠠᠭᠠᠷᠯᠠᠬᠤ᠂ ᠠᠮᠤᠷ ᠲᠦᠪᠰᠢᠨ ᠤ ᠵᠠᠶ ᠶᠢ ᠬᠠᠮᠢᠶᠠᠷᠤᠨ ᠡᠵᠡᠮᠳᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠬᠢᠯᠢ ᠶᠢᠨ ᠭᠠᠳᠠᠨᠠᠬᠢ ᠵᠢᠴᠢ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠪᠤᠴᠠᠵᠤ ᠢᠷᠡᠭᠰᠡᠨ ᠬᠥᠮᠦᠰ ᠢ ᠤᠷᠢᠵᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠳᠤ ᠣᠷᠣᠯᠴᠠᠭᠤᠯᠬᠤ ᠶᠢ ᠴᠢᠩᠭ᠎ᠠ ᠴᠠᠭᠠᠵᠠᠯᠠᠵᠤ᠂ ᠬᠢᠵᠢᠭ ᠳᠡᠯᠭᠡᠷᠡᠬᠦ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃        ᠳᠥᠷᠪᠡ᠂ ᠵᠢᠭᠤᠯᠴᠢᠯᠠᠯ ᠤᠨ ᠠᠵᠢᠯ ᠲᠥᠷᠥᠯ ᠤᠨ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠎ᠠ᠃ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠪᠣᠯᠤᠨ ᠬᠠᠮᠢᠶ᠎ᠠ ᠪᠥᠬᠦᠶ ᠠᠵᠤ ᠠᠬᠤᠶᠢᠯᠠᠯ ᠤᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠬᠦᠢᠴᠡᠳᠬᠡᠵᠦ᠂ ᠵᠢᠭᠤᠯᠴᠢᠯᠠᠭᠴᠢᠳ ᠤᠨ ᠮᠡᠳᠡᠭᠡ ᠵᠠᠩᠭᠢ ᠶᠢ ᠦᠨᠡᠨ ᠨᠡᠷ᠎ᠡ ᠪᠠᠷ ᠳᠠᠩᠰᠠᠯᠠᠬᠤ ᠠᠵᠢᠯ ᠢ ᠰᠠᠶᠢᠲᠤᠷ ᠬᠢᠵᠦ᠂ ᠵᠢᠭᠤᠯᠴᠢᠯᠠᠭᠴᠢᠳ ᠨᠢᠭᠡᠪᠦᠷᠢ ᠶᠢᠨ ᠪᠡᠶ᠎ᠡ ᠶᠢᠨ ᠦᠨᠡᠮᠯᠡᠯ ᠤᠨ ᠨᠣᠮᠧᠷ᠂ ᠬᠠᠷᠢᠯᠴᠠᠬᠤ ᠠᠷᠭ᠎ᠠ ᠮᠠᠶ᠋ᠢᠭ᠂ ᠠᠶᠠᠯᠠᠯ ᠵᠡᠷᠭᠡ ᠴᠢᠬᠤᠯᠠ ᠪᠥᠬᠦᠶ ᠮᠡᠳᠡᠭᠡ ᠵᠠᠩᠭᠢ ᠶᠢ ᠨᠠᠷᠢᠨ ᠲᠡᠮᠳᠡᠭᠯᠡᠬᠦ ᠬᠡᠷᠡᠭᠲᠡᠶ᠃ ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠲᠦᠭᠰᠢᠭᠦᠷᠢᠲᠡᠶ ᠭᠠᠵᠠᠷ ᠣᠷᠣᠨ ᠤ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠬᠥᠮᠦᠰ ᠢ ᠵᠣᠬᠢᠶᠠᠨ ᠪᠠᠶᠢᠭᠤᠯᠤᠨ ᠳᠤᠮᠳᠠ᠂ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠵᠤ ᠵᠢᠭᠤᠯᠴᠢᠯᠠᠬᠤ ᠶᠢ ᠴᠢᠩᠭ᠎ᠠ ᠴᠠᠭᠠᠵᠠᠯᠠᠵᠤ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠬᠥᠮᠦᠨ ᠳᠠᠭᠠᠭᠤᠯᠤᠨ ᠤᠯᠠᠭᠠᠨᠬᠠᠳᠠ ᠳᠤ ᠢᠷᠡᠵᠦ ᠵᠢᠭᠤᠯᠴᠢᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃        ᠲᠠᠪᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠬᠢᠵᠠᠭᠠᠷᠯᠠᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ︽ᠬᠠᠷᠠᠭᠤᠯ ᠤᠨ ᠴᠡᠭ ᠤᠨ ᠦᠢᠯᠡᠳᠦᠯ︾ ᠢᠶᠠᠨ ᠬᠦᠢᠴᠡᠳ ᠪᠠᠳᠠᠷᠠᠭᠤᠯᠵᠤ᠂ ︽ᠳᠥᠷᠪᠡᠨ ᠡᠷᠲᠡ︾ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠪᠠᠷ ᠣᠷᠣᠵᠤ ᠭᠠᠷᠬᠤ ᠬᠥᠮᠦᠰ ᠡᠷᠬᠡᠪᠰᠢ ︽ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠠᠮᠠᠪᠴᠢ ᠵᠡᠭᠦᠬᠦ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠪᠠ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠶᠢ ᠪᠠᠶᠢᠩᠭᠤᠵᠢᠭᠤᠯᠵᠤ᠂ ᠠᠩᠬᠠᠨ ᠤ ᠣᠨᠣᠰᠢᠯᠠᠯᠲᠠ ᠶᠢᠨ ᠡᠮᠴᠢ ᠶᠢᠨ ᠬᠠᠷᠢᠭᠤᠴᠠᠯᠭ᠎ᠠ ᠶᠢᠨ ᠲᠦᠷᠢᠮ ᠢ ᠪᠠᠬᠢᠵᠢᠬᠦᠯᠦᠨ᠂ ︽ᠨᠢᠭᠡ ᠡᠮᠴᠢ᠂ ᠨᠢᠭᠡ ᠡᠪᠡᠳᠴᠢᠲᠡᠨ᠂ ᠨᠢᠭᠡ ᠡᠮᠴᠢᠯᠡᠭᠡᠨ ᠤ ᠲᠠᠰᠤᠭ︾ ᠪᠣᠯᠤᠨ ᠡᠪᠡᠳᠴᠢᠲᠡᠨ ᠤ ᠲᠣᠭᠤᠷᠢᠭ ᠤᠨ ︽ᠴᠢᠬᠤᠯᠠ ᠪᠤᠰᠤ ᠦᠶ᠎ᠡ ᠳᠤ ᠠᠰᠠᠷᠠᠬᠤ ᠥᠬᠡᠶ᠂ ᠡᠷᠭᠢᠵᠦ ᠦᠵᠡᠬᠦ ᠥᠬᠡᠶ︾ ᠵᠡᠷᠭᠡ ᠠᠵᠢᠯ ᠤᠨ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠣᠶ ᠪᠥᠬᠦᠶ ᠡᠮᠨᠡᠯᠭᠡ ᠳᠤ ᠰᠠᠭᠤᠬᠤ ᠡᠪᠡᠳᠴᠢᠲᠡᠨ ᠤ ᠲᠣᠭᠤᠷᠢᠭ ᠲᠤ ᠬᠤᠶᠠᠳᠠᠬᠢ ᠤᠳᠠᠭ᠎ᠠ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠶᠢ ᠬᠡᠷᠡᠭᠵᠢᠭᠦᠯᠵᠦ᠂ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠶ᠃        ᠵᠢᠷᠭᠤᠭ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠬᠤ ᠶᠢ ᠰᠡᠷᠭᠡᠶᠢᠯᠡᠨ ᠡᠵᠡᠮᠳᠡᠬᠦ ᠬᠠᠮᠤᠭ ᠤᠨ ᠬᠢᠮᠳᠠ᠂ ᠬᠠᠮᠤᠭ ᠤᠨ ᠪᠦᠲᠦᠮᠵᠢᠲᠡᠶ᠂ ᠬᠠᠮᠤᠭ ᠤᠨ ᠲᠥᠬᠦᠮ ᠠᠷᠭ᠎ᠠ ᠬᠡᠮᠵᠢᠶ᠎ᠡ ᠪᠣᠯᠤᠨ᠎ᠠ᠃ ᠥᠷᠭᠡᠨ ᠣᠯᠠᠨ ᠬᠤᠲᠠ ᠶᠢᠨ ᠠᠷᠠᠳ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠳᠤᠨ ᠳᠠᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠶ᠎ᠠ ᠣᠷᠣᠨ ᠤ ᠪᠠᠨ ᠲᠠᠷᠢᠯᠭ᠎ᠠ ᠬᠢᠬᠦ ᠨᠢᠭᠡᠴᠡ ᠳᠤ ᠬᠦᠷᠴᠦ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠤᠷᠢᠳᠴᠢᠯᠠᠨ ᠪᠣᠯᠵᠣᠵᠤ ᠬᠢᠬᠦ ᠶᠢ ᠬᠦᠰᠡᠵᠦ ᠪᠠᠶᠢᠨ᠎ᠠ᠃ 2᠂ 3 ᠳ᠋ᠤᠭᠠᠷ ᠸᠠᠺᠼᠢᠨ ᠤ ᠲᠠᠷᠢᠯᠭ᠎ᠠ ᠶᠢ ᠬᠠᠷᠠᠬᠠᠨ ᠪᠡᠶᠡᠯᠡᠭᠦᠯᠦᠭᠡᠳᠦᠶ ᠬᠤᠲᠠ ᠶᠢᠨ ᠠᠷᠠᠳ ᠲᠣᠭᠲᠠᠭᠰᠠᠨ ᠴᠠᠭ ᠤᠨ ᠳᠣᠲᠣᠷ᠎ᠠ ᠪᠥᠬᠦ ᠡᠭᠡᠯᠢᠯᠡᠭᠡ ᠶᠢᠨ ᠵᠢᠷᠤᠮ ᠢ ᠪᠡᠶᠡᠯᠡᠭᠦᠯᠵᠦ᠂ ᠬᠠᠮᠤᠭ ᠤᠨ ᠰᠠᠶᠢᠨ ᠬᠠᠮᠠᠭᠠᠯᠠᠬᠤ ᠦᠷ᠎ᠡ ᠪᠦᠲᠦᠮᠵᠢ ᠤᠯᠬᠤ ᠬᠡᠷᠡᠭᠲᠡᠶ᠃          ᠳᠣᠯᠤᠭ᠎ᠠ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠬᠡᠷᠪᠡ ᠲᠦᠢᠯ ᠤᠨ ᠴᠢᠬᠤᠯᠠ ᠥᠬᠡᠶ ᠪᠣᠯ᠂ ᠬᠤᠲᠠ ᠶᠢᠨ ᠠᠷᠠᠳ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠳᠤᠮᠳᠠ᠂ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠬᠤ ᠪᠤᠶᠤ ᠭᠠᠳᠠᠭᠰᠢ ᠭᠠᠷᠴᠤ ᠪᠣᠯᠬᠤ ᠥᠬᠡᠶ᠂ ᠦᠷᠭᠦᠯᠵᠢ ᠭᠠᠷ ᠢᠶᠠᠨ ᠤᠬᠢᠶᠠᠬᠤ᠂ ᠠᠮᠠᠪᠴᠢ ᠵᠡᠭᠦᠬᠦ᠂ ᠦᠷᠭᠦᠯᠵᠢ ᠰᠠᠯᠬᠢ ᠨᠡᠪᠲᠡᠷᠡᠭᠦᠯᠬᠦ ᠵᠡᠷᠭᠡ ᠬᠤᠪᠢ ᠬᠥᠮᠦᠨ ᠤ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠬᠤ ᠬᠡᠷᠡᠭᠲᠡᠶ᠃ ᠢᠯᠠᠩᠭᠤᠶ᠎ᠠ ᠨᠢᠰᠬᠡᠯ ᠤᠨ ᠪᠠᠭᠤᠳᠠᠯ᠂ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠥᠷᠲᠡᠭᠡ᠂ ᠡᠮᠨᠡᠯᠭᠡ ᠶᠢᠨ ᠬᠤᠷᠢᠶ᠎ᠠ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠵᠢᠴᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠠᠭᠠᠨ ᠠᠮᠠᠪᠴᠢ ᠵᠡᠭᠦᠬᠦ ᠶᠢ ᠵᠢᠷᠤᠮᠵᠢᠭᠤᠯᠬᠤ ᠶᠢᠨ ᠬᠠᠮᠲᠤ ᠠᠵᠢᠯᠲᠠᠳ ᠲᠠᠢ ᠬᠠᠮᠵᠢᠯᠴᠠᠨ ᠺᠣᠳ᠋ ᠰᠢᠯᠭᠠᠨ ᠬᠠᠯᠠᠭᠤᠨ ᠢ ᠬᠡᠮᠵᠢᠬᠦ ᠵᠡᠷᠭᠡ ᠰᠡᠷᠭᠡᠶᠢᠯᠡᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃       ᠨᠠᠢᠮᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠶᠢ ᠬᠠᠤᠯᠢ ᠶᠣᠰᠣᠭᠠᠷ  ᠬᠦᠢᠴᠡᠳᠬᠡᠬᠦ ᠬᠡᠷᠡᠭᠲᠡᠶ᠃ ᠬᠤᠲᠠ ᠶᠢᠨ ᠠᠷᠠᠳ ᠬᠠᠤᠯᠢ ᠲᠣᠭᠲᠠᠭᠠᠯ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠪᠠᠨ ᠬᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠤᠬᠠᠮᠰᠠᠷ ᠢᠶᠠᠨ ᠴᠢᠩᠭᠠᠳᠬᠠᠨ᠂ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠶᠠᠮᠠᠷᠪᠠ ᠨᠢᠭᠡᠴᠡ ᠪᠠ ᠬᠤᠪᠢ ᠬᠥᠮᠦᠨ ᠲᠣᠰ ᠬᠤᠲᠠ ᠶᠢᠨ ᠬᠢᠵᠢᠭ ᠢ ᠰᠡᠷᠭᠡᠶᠢᠯᠡᠬᠦ ᠲᠣᠭᠲᠠᠭᠠᠯ ᠢ ᠵᠥᠷᠢᠴᠡᠭᠰᠡᠨ ᠠᠴᠠ ᠪᠣᠯᠵᠣ ᠬᠢᠵᠢᠭ ᠣᠷᠣᠵᠤ ᠢᠷᠡᠭᠰᠡᠨ᠂ ᠳᠡᠯᠭᠡᠷᠡᠭᠰᠡᠨ ᠵᠡᠷᠭᠡ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠣᠯ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃           ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ           ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                          2021 ᠤᠨ ᠤ 7 ᠰᠠᠷ᠎ᠠ ᠶᠢᠨ 30   ᠤ ᠡᠳᠦᠷ                ︵ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷᠢ ᠶᠢᠨ ᠳᠦᠪ ᠤᠨ                                 ᠮᠣᠩᠭᠤᠯ ᠨᠠᠶᠢᠷᠠᠭᠤᠯᠬᠤ ᠬᠡᠯᠳᠡᠰ ᠠᠴᠠ ᠬᠠᠩᠭᠠᠪᠠ︶
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠷᠠᠳᠢᠤ᠋ ᠲᠧᠯᠸᠢᠰ ᠲᠦᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号