ᠰᠠᠨ ᠰᠢᠶᠠ ᠪᠦᠯᠦᠭᠯᠡᠯ ᠤᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠮᠠᠨ ᠤ ᠬᠤᠰᠢᠭᠤᠨ ᠳᠤ ᠢᠷᠡᠵᠦ ᠰᠢᠨ᠎ᠡ ᠡᠨᠧᠷᠭᠢ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2021/8/6
     7 ᠳ᠋ᠣᠭᠠᠷ ᠰᠠᠷ᠎ᠠ ᠶᠢᠨ 29 ᠠᠴᠠ 30 ᠤ ᠡᠳᠦᠷ ᠪᠣᠯᠲᠠᠯ᠎ᠠ᠂ ᠰᠠᠨ ᠰᠢᠶᠠ ᠪᠦᠯᠦᠭᠯᠡᠯ ᠤᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠭᠦᠢᠴᠡᠳᠭᠡᠬᠦ ᠳᠡᠳ᠋ ᠨᠠᠷᠢᠨ ᠪᠢᠴᠢᠭ ᠤᠨ ᠳᠠᠷᠤᠭ᠎ᠠ ᠵᠢᠶᠠ ᠪᠥᠸᠧ ᠮᠠᠨ ᠤ ᠬᠤᠰᠢᠭᠤᠨ ᠳᠤ ᠢᠷᠡᠵᠦ ᠰᠢᠨ᠎ᠡ ᠡᠨᠧᠷᠭᠢ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ  ᠬᠢᠵᠠᠢ᠃ ᠬᠤᠰᠢᠭᠤᠨ ᠤᠳᠤᠷᠢᠳᠤᠯᠭ᠎ᠠ ᠷᠧᠨ ᠰᠢ᠂  ᠴᠢᠨ ᠬᠤᠸᠠᠢ ᠳ᠋ᠦᠩ᠂ ᠰᠦᠨ ᠶᠠᠨ ᠵᠢᠶᠧ᠂ ᠸᠠᠩ ᠶᠠᠨ ᠪᠥᠸᠧ᠂ ᠵᠣᠣ ᠡᠾᠦ᠋ᠩ ᠲᠤ᠂ ᠽᠦᠸᠧ ᠰᠢᠶᠠᠩ ᠯᠦᠩ᠂ ᠵᠠᠩ ᠶᠠᠨ ᠪᠠᠷ᠎ᠠ ᠪᠤᠯᠤᠭᠰᠠᠨ ᠪᠠᠶᠢᠨ᠎ᠠ᠃       ᠵᠢᠶᠠ ᠪᠥᠸᠧ ᠵᠡᠷᠭᠡ ᠬᠦᠮᠦᠰ ᠡᠩ ᠲᠡᠷᠢᠭᠦᠨ ᠳᠤ ᠹᠧᠩ ᠬᠤᠸᠠᠩ ᠱᠠᠨ ᠤ 1.5 ᠲᠦᠮᠡᠨ ᠬᠢᠯᠦᠸᠠᠲ ᠤᠨ ᠲᠠᠷᠠᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠳᠠᠯᠠᠪᠠᠢ ᠳᠤ ᠬᠦᠷᠴᠦ᠂ ᠲᠥᠷᠥᠯ ᠵᠦᠢᠯ ᠤᠨ ᠨᠡᠭᠡᠭᠡᠯᠲᠡ ᠶᠢᠨ ᠣᠷᠴᠢᠨ ᠲᠣᠭᠤᠷᠢᠨ᠂ ᠰᠠᠯᠬᠢᠨ ᠬᠦᠴᠦᠨ ᠤ ᠡᠬᠢ ᠪᠠᠶᠠᠯᠢᠭ᠂ ᠭᠠᠵᠠᠷ ᠰᠢᠷᠣᠶ ᠶᠢᠨ ᠡᠬᠢ ᠪᠠᠶᠠᠯᠢᠭ ᠤᠨ ᠪᠠᠶᠢᠳᠠᠯ ᠢ ᠨᠠᠷᠢᠨ  ᠤᠶᠢᠯᠠᠭᠠᠵᠠᠢ᠃ ᠳᠠᠷᠠᠭ᠎ᠠ ᠨᠢ ᠯᠢᠨᠳᠦ᠋ᠩ ᠪᠠᠯᠭᠠᠰᠣ ᠶᠢᠨ ᠲᠥᠬᠦᠭᠡᠷᠦᠮᠵᠢᠲᠦ ᠬᠦᠢᠲᠡᠨ ᠰᠠᠷᠠᠪᠴᠢ᠂  ᠪᠢᠯᠡᠭᠦᠲᠡᠢ ᠪᠠᠯᠭᠠᠰᠣ ᠶᠢᠨ ᠲᠠᠯᠠᠩ ᠤᠨ ᠭᠤᠤ ᠶᠢᠨ ᠡᠷᠡᠭᠦᠯ ᠬᠠᠮᠠᠭᠠᠯᠠᠯ ᠤᠨ ᠲᠠᠰᠤᠭ ᠵᠡᠷᠭᠡ ᠴᠡᠭ ᠲᠣᠭᠲᠠᠭᠠᠨ ᠬᠠᠪᠰᠤᠷᠤᠨ ᠲᠡᠳᠬᠦᠬᠦ ᠲᠥᠷᠥᠯ ᠵᠦᠢᠯ ᠢ ᠪᠠᠶᠢᠴᠠᠭᠠᠨ ᠦᠵᠡᠭᠰᠡᠨ ᠪᠠᠶᠢᠨ᠎ᠠ᠃       ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠮᠠᠨ ᠤ ᠬᠤᠰᠢᠭᠤᠨ ᠤ ᠤᠳᠤᠷᠢᠳᠬᠤ ᠪᠠᠭ ᠤᠨ ᠪᠦᠷᠢᠯᠳᠦᠬᠦᠨ ᠬᠢᠭᠡᠳ ᠰᠠᠨ ᠰᠢᠶᠠ ᠪᠦᠯᠦᠭᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠰᠢᠨ᠎ᠡ ᠡᠨᠧᠷᠭᠢ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠲᠤᠬᠠᠶ ᠶᠠᠷᠢᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠴᠢᠨ ᠬᠤᠸᠠᠢ ᠳ᠋ᠦᠩ ᠬᠤᠷᠠᠯ ᠢ ᠡᠷᠭᠢᠯᠡᠪᠡ᠃       ᠶᠠᠷᠢᠯᠴᠠᠬᠤ ᠬᠤᠷᠠᠯ ᠳᠡᠭᠡᠷ᠎ᠡ ᠵᠢᠶᠠ ᠪᠥᠸᠧ ᠢᠯᠡᠷᠬᠡᠶᠢᠯᠡᠭᠰᠡᠨ ᠨᠢ᠂ ᠰᠠᠨ ᠰᠢᠶᠠ ᠪᠦᠯᠦᠭᠯᠡᠯ ᠤᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠵᠡᠭᠦᠨ ᠬᠤᠰᠢᠭᠤᠨ ᠤ ᠵᠠᠰᠠᠭ ᠤᠨ ᠣᠷᠳᠣᠨ ᠯᠤᠭ᠎ᠠ ᠶᠢᠨ ᠰᠢᠨ᠎ᠡ ᠡᠨᠧᠷᠭᠢ ᠶᠢᠨ ᠲᠦᠷᠦᠯ ᠵᠦᠢᠯ ᠳᠠᠬᠢ ᠬᠠᠮᠲᠤᠷᠠᠯᠴᠠᠭ᠎ᠠ ᠶᠢ ᠨᠠᠨᠳᠢᠩᠨᠠᠵᠤ᠂ ᠬᠤᠶᠢᠰᠢᠳᠠ ᠰᠤᠷᠭᠠᠨ ᠬᠥᠮᠦᠵᠢᠯ᠂ ᠡᠮ ᠡᠮᠨᠡᠯᠭᠡ᠂ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ ᠬᠥᠭᠵᠢᠯᠲᠡ ᠵᠡᠷᠭᠡ ᠤᠯᠠᠨ ᠬᠦᠷᠢᠶᠡᠨ ᠳᠤ ᠦᠷᠭᠦᠯᠵᠢᠯᠡᠨ ᠬᠠᠮᠵᠢᠯᠴᠠᠨ᠎ᠠ᠃ ᠰᠠᠨ ᠰᠢᠶᠠ ᠪᠦᠯᠦᠭᠯᠡᠯ ᠵᠡᠭᠦᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠢᠯᠠᠯᠲᠠ ᠶᠢᠨ ᠡᠷᠴᠢᠨ ᠳᠡᠭᠡᠷ᠎ᠡ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ ᠵᠡᠭᠦᠨ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠰᠢᠨ᠎ᠡ ᠡᠨᠧᠷᠭᠢ ᠪᠣᠯᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠳᠠᠪᠠᠭᠤᠯᠢᠭ ᠢᠶᠠᠨ ᠪᠠᠳᠠᠷᠠᠭᠤᠯᠵᠤ᠂ ᠵᠡᠭᠦᠨ ᠬᠤᠰᠢᠭᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠣᠮᠳᠠ ᠴᠡᠪᠡᠷ ᠡᠨᠧᠷᠭᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠬᠤ ᠳᠤ ᠬᠦᠴᠦᠨ ᠨᠡᠮᠡᠷᠢᠯᠡᠨ᠎ᠡ ᠬᠡᠵᠠᠢ᠃       ᠰᠠᠨ ᠰᠢᠶᠠ ᠪᠦᠯᠦᠭᠯᠡᠯ ᠤᠨ ᠶᠡᠷᠦᠩᠬᠡᠶ ᠳᠠᠭᠠᠭᠠᠮᠠᠯ ᠲᠠᠩ ᠵᠢᠶᠠᠨ ᠵᠢᠶᠦ᠋ᠨ᠂ ᠰᠠᠨ ᠰᠢᠶᠠ ᠡᠨᠧᠷᠭᠢ ᠶᠢᠨ ᠶᠡᠷᠦᠩᠬᠡᠶ ᠨᠢᠭᠲᠠᠯᠠᠨ ᠪᠤᠳᠤᠭᠴᠢ ᠯᠦ ᠬᠠᠶ ᠯᠢᠨ ᠲᠣᠰ ᠲᠣᠰ ᠰᠠᠨ ᠰᠢᠶᠠ ᠪᠦᠯᠦᠭᠯᠡᠯ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠮᠠᠨ ᠤ ᠬᠤᠰᠢᠭᠤᠨ ᠳᠤ ᠨᠡᠭᠡᠭᠡᠨ ᠬᠥᠭᠵᠢᠭᠦᠯᠦᠭᠰᠡᠨ ᠪᠠᠶᠢᠳᠠᠯ᠂ ᠲᠠᠷᠠᠭᠠᠴᠢ ᠶᠢᠨ ᠠᠯᠬᠤᠮ ᠳᠤ ᠬᠡᠷᠬᠢᠨ ᠰᠢᠨ᠎ᠡ ᠡᠨᠧᠷᠭᠢ ᠶᠢᠨ ᠠᠵᠤ  ᠦᠢᠯᠡᠰ ᠢ ᠠᠰᠢᠭᠯᠠᠨ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠨᠠᠷᠢᠯᠢᠭ ᠲᠠᠨᠢᠯᠴᠠᠭᠤᠯᠤᠭᠰᠠᠨ ᠪᠠᠶᠢᠨ᠎ᠠ᠃      ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠰᠠᠨ ᠰᠢᠶᠠ ᠪᠦᠯᠦᠭᠯᠡᠯ ᠤᠨ ᠬᠦᠷᠴᠦ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠰᠠᠨ ᠰᠢᠶᠠ ᠪᠦᠯᠦᠭᠯᠡᠯ ᠤᠨ ᠤᠷᠲᠤ ᠬᠤᠭᠤᠴᠠᠭᠠᠨ ᠤ ᠲᠤᠷᠰᠢ ᠴᠡᠭ ᠲᠣᠭᠲᠠᠭᠠᠨ ᠬᠠᠪᠰᠤᠷᠤᠨ ᠲᠡᠳᠬᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃     ᠷᠧᠨ ᠰᠢ ᠢᠯᠡᠷᠬᠡᠶᠢᠯᠡᠭᠰᠡᠨ ᠨᠢ᠂ ᠵᠡᠭᠦᠨ ᠬᠤᠰᠢᠭᠤ ᠨᠢ ᠡᠯ᠎ᠡ ᠵᠦᠢᠯ ᠤᠨ ᠲᠤᠰᠠᠯᠠᠨ ᠪᠠᠶᠢᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠬᠦ ᠪᠤᠯᠤᠨ᠎ᠠ᠃ ᠰᠠᠨ ᠰᠢᠶᠠ ᠪᠦᠯᠦᠭᠯᠡᠯ ᠤᠨ ᠬᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠡᠭᠦᠨ ᠬᠤᠰᠢᠭᠤᠨ ᠤ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠤᠯᠠᠮ ᠨᠡᠮᠡᠭᠳᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠣᠰᠬᠤᠨ ᠢ ᠴᠣᠭᠴᠠᠯᠠᠬᠤ ᠶᠢ ᠬᠦᠰᠡᠵᠦ ᠪᠠᠶᠢᠨ᠎ᠠ ᠭᠡᠵᠠᠢ᠃      ᠷᠧᠨ ᠰᠢ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠡᠷᠬᠡᠪᠰᠢ ᠰᠠᠨ ᠰᠢᠶᠠ ᠪᠦᠯᠦᠭᠯᠡᠯ ᠤᠨ ᠰᠢᠨ᠎ᠡ ᠡᠨᠧᠷᠭᠢ ᠶᠢᠨ ᠲᠦᠷᠦᠯ ᠵᠦᠢᠯ ᠳᠠᠬᠢ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨ᠎ᠡ ᠡᠨᠧᠷᠭᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠢᠳᠡᠪᠬᠢᠲᠡᠢ ᠪᠠᠶᠢᠭᠤᠯᠬᠤ ᠬᠡᠷᠡᠭᠲᠡᠢ ᠭᠡᠰᠡᠨ ᠪᠠᠶᠢᠨ᠎ᠠ᠃                                                                                        ︵ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷᠢ ᠶᠢᠨ ᠳᠦᠪ ᠤᠨ                                          ᠮᠣᠩᠭᠤᠯ ᠨᠠᠶᠢᠷᠠᠭᠤᠯᠬᠤ ᠬᠡᠯᠳᠡᠰ ᠠᠴᠠ ᠬᠠᠩᠭᠠᠪᠠ︶  
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号